ᠴᠢ ᠱᠠᠨ ᠬᠤ᠋᠄ ᠠᠬᠠᠮᠠᠳ ᠨᠠᠮ ᠤᠨ ᠡᠭᠦᠷ ᠤᠨ ᠱᠦᠵᠢ ᠪᠠᠶᠠᠵᠢᠯ ᠤᠨ ︽ᠳᠠᠭᠠᠭᠤᠯᠤᠭᠴᠢ︾ ᠪᠣᠯᠵᠣ ︽ᠪᠠᠶᠠᠵᠢᠯ ᠤᠨ ᠵᠠᠮ︾ ᠢ ᠳᠡᠪᠢᠰᠦᠨ᠎ᠡ
ᠨᠡᠶᠢᠲᠡᠯᠡᠭᠰᠡᠨ ᠴᠠᠭ᠄
2022/9/28
    ︽ᠠᠬᠠᠮᠠᠳ ᠱᠦᠵᠢ ᠶᠢᠨ ᠬᠠᠪᠰᠤᠷᠤᠯᠭ᠎ᠠ ᠪᠠᠷ ᠵᠣᠯ ᠵᠢᠷᠭᠠᠯᠲᠤ ᠠᠮᠢᠳᠤᠷᠠᠯ ᠢ ᠡᠳ᠋ᠯᠡᠪᠡ ᠁︾ ᠭᠡᠵᠦ ᠬᠡᠯᠡᠵᠦ ᠪᠠᠶᠢᠭ᠎ᠠ ᠨᠢ ᠡᠮᠲᠦ ᠶᠢᠨ ᠭᠤᠣᠯ ᠰᠤᠮᠤ ᠶᠢᠨ ᠲᠦᠯᠢᠶᠡᠲᠦ ᠭᠠᠴᠠᠭ᠎ᠠ ᠶᠢᠨ ᠶᠠᠳᠠᠭᠤ ᠠᠴᠠ ᠠᠩᠭᠢᠵᠢᠷᠠᠭᠰᠠᠨ ᠡᠷᠦᠬᠡ ᠤᠣ ᠲᠢᠶᠠᠨ ᠼᠠᠩ ᠪᠣᠯᠤᠨ᠎ᠠ᠂ ᠲᠡᠭᠦᠨ ᠤ ᠬᠡᠯᠡᠳᠡᠭ ︽ᠠᠬᠠᠮᠠᠳ ᠱᠦᠵᠢ︾ ᠭᠡᠳᠡᠭ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠱᠠᠨ ᠬᠤ᠋ ᠳᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠴᠢ ᠱᠠᠨ ᠬᠤ᠋ ᠪᠣᠯᠤᠨ᠎ᠠ᠂ ᠲᠡᠷᠡ ᠬᠡᠳᠦ᠋ᠢᠪᠡᠷ ᠭᠠᠴᠠᠭ᠎ᠠ ᠶᠢᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠠᠴᠠ ᠪᠠᠨ ᠪᠠᠭᠤᠭᠰᠠᠨ ᠪᠣᠯᠪᠠᠴᠤ ᠤᠯᠠᠨ ᠲᠦᠮᠡᠨ ᠲᠡᠭᠦᠨ ᠢ ︽ᠠᠬᠠᠮᠠᠳ ᠱᠦᠵᠢ ︾ ᠭᠡᠵᠦ ᠳᠣᠲᠣᠨᠣᠰᠤᠭ ᠢᠶᠠᠷ ᠳᠠᠭᠤᠳᠠᠭᠳᠠᠵᠠᠢ᠃    ᠭᠠᠴᠠᠭᠠᠨ ᠳᠠᠷᠤᠭ᠎ᠠ ᠪᠣᠯᠤᠨ ᠭᠠᠴᠠᠭ᠎ᠠ ᠶᠢᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠬᠤ ᠬᠤᠭᠤᠴᠠᠭᠠᠨ ᠳᠠᠭᠠᠨ᠂ ᠴᠢ ᠱᠠᠨ ᠬᠤ᠋ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠠᠭ ᠲᠠᠢ ᠪᠣᠯᠤᠮᠠᠭᠴᠠ ᠰᠤᠮᠤ᠂ ᠬᠤᠰᠢᠭᠤᠨ ᠳᠤ ᠬᠦᠷᠴᠦ᠂ ᠠᠷᠭ᠎ᠠ ᠰᠦᠪᠡᠭᠴᠢᠯᠡᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠤᠯᠬᠤ ᠪᠠᠷ ᠴᠢᠷᠮᠠᠶᠢᠪᠠ᠃ ᠣᠯᠠᠨ ᠲᠦᠮᠡᠨ ᠢ ᠳᠠᠭᠠᠭᠤᠯᠤᠨ ᠨᠠᠷᠢᠮᠤ ᠪᠤᠳᠠᠭᠠᠨ ᠤ ᠰᠠᠭᠤᠷᠢᠨ ᠭᠠᠵᠠᠷ᠂ ᠪᠣᠷᠳᠣᠵᠤ ᠲᠠᠷᠭᠤᠯᠠᠭᠤᠯᠬᠤ ᠬᠤᠨᠢ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ᠂ ᠬᠥᠳᠡᠭᠡ ᠶᠢᠨ ᠵᠠᠮ ᠵᠠᠰᠠᠬᠤ᠂ ᠭᠠᠴᠠᠭᠠᠨ ᠤ ᠠᠯᠪᠠᠨ ᠬᠡᠷ᠂ ᠨᠠᠰᠤᠲᠠᠶᠢᠴᠤᠳ ᠤᠨ ᠬᠥᠳᠡᠯᠭᠡᠭᠡᠨ ᠤ ᠲᠥᠪ ᠵᠡᠷᠭᠡ ᠶᠢ ᠪᠠᠶᠢᠭᠤᠯᠵᠤ᠂ ᠮᠠᠯᠴᠢᠨ ᠲᠠᠷᠢᠶᠠᠴᠢᠨ ᠢ ᠪᠠᠶᠠᠵᠢᠭᠤᠯᠬᠤ ᠶᠢᠨ ᠬᠠᠮᠲᠤ ᠬᠠᠮᠲᠤ ᠶᠢᠨ ᠣᠷᠣᠯᠭ᠎ᠠ ᠶᠢ ᠴᠤ ᠨᠡᠮᠡᠭᠳᠡᠭᠦᠯᠪᠡ᠃   ᠦᠨᠳᠦᠰᠦᠨ ᠱᠠᠲᠤᠨ ᠳᠤ ᠣᠯᠠᠨ ᠵᠢᠯ ᠰᠠᠭᠤᠷᠢᠰᠢᠭᠰᠠᠨ ᠭᠠᠴᠠᠭᠠᠨ ᠤ ᠨᠠᠮ ᠤᠨ ᠡᠭᠦᠷ ᠤᠨ ᠱᠦᠵᠢ ᠪᠣᠯᠤᠭᠰᠠᠨ ᠤ ᠬᠤᠪᠢ ᠳᠤ᠂ ᠴᠢ ᠱᠠᠨ ᠬᠤ᠋ ︽ᠮᠠᠯᠴᠢᠨ ᠲᠠᠷᠢᠶᠠᠴᠢᠨ ᠢ ᠳᠠᠭᠠᠭᠤᠯᠤᠨ ᠪᠠᠶᠠᠵᠢᠨ ᠴᠢᠨᠡᠭᠡᠯᠢᠭᠵᠢᠬᠦ︾  ᠶᠢ ᠰᠡᠳᠬᠢᠯ ᠳᠡᠭᠡᠨ ᠪᠠᠲᠤ ᠴᠡᠭᠡᠵᠢᠯᠡᠵᠦ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠭᠰᠠᠭᠠᠷ ᠢᠷᠡᠵᠡᠶ᠃ ᠠᠵᠢᠯ ᠠᠴᠠ ᠪᠠᠨ ᠠᠮᠠᠷᠠᠭᠰᠠᠨ ᠤ ᠲᠠᠷᠠᠭ᠎ᠠ᠂ ᠲᠡᠷᠡ ᠪᠠᠰᠠ ᠬᠠᠷᠠᠴᠠ ᠪᠠᠨ ᠭᠠᠵᠠᠷ ᠰᠢᠷᠣᠶ ᠳᠤ ᠬᠠᠨᠳᠤᠭᠤᠯᠵᠤ᠂ ᠭᠠᠵᠠᠷ ᠰᠢᠷᠣᠶ ᠠᠴᠠ ᠦᠷ᠎ᠡ ᠠᠰᠢᠭ ᠤᠯᠬᠤ ᠪᠠᠷ ᠴᠢᠷᠮᠠᠶᠢᠪᠠ᠃ 2012 ᠣᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠱᠠᠨ ᠬᠤ᠋ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢ ᠡᠭᠦᠳᠦᠨ ᠪᠠᠶᠢᠭᠤᠯᠵᠤ᠂ ᠭᠤᠤᠯᠳᠠᠭᠤ ᠨᠠᠷᠢᠮᠤ᠂ ᠰᠠᠭᠠᠭ᠂ ᠡᠯᠳᠡᠪ ᠠᠮᠤ ᠪᠣᠯᠤᠨ ᠡᠯᠳᠡᠪ ᠪᠤᠷᠴᠠᠭ ᠵᠡᠷᠭᠡ ᠲᠠᠷᠢᠮᠠᠯ ᠢ ᠳᠠᠷᠢᠵᠤ᠂ ︽ᠡᠮᠲᠦ ᠶᠢᠨ ᠭᠤᠤᠯ ᠤᠨ ᠪᠣᠬᠢᠷᠲᠤᠯ ᠥᠬᠡᠶ ᠣᠨᠴᠠ ᠭᠠᠷᠤᠯᠲᠠ ᠲᠠᠢ ᠨᠠᠷᠢᠮᠤ︾ ᠡᠳ᠋ᠰᠢᠭᠦᠯᠦᠨ ᠪᠣᠷᠣᠯᠠᠭᠤᠯᠪᠠ᠃ 2016 ᠣᠨ ᠳᠤ ᠦᠢᠯᠡᠳᠪᠦᠷᠢᠯᠡᠵᠦ ᠪᠣᠷᠣᠯᠠᠭᠤᠯᠤᠭᠰᠠᠨ ︽ᠡᠮᠲᠦ ᠶᠢᠨ ᠭᠤᠣᠯ︾ ᠲᠡᠮᠳᠡᠭᠲᠦ ᠨᠠᠷᠢᠮᠤ᠂ ᠰᠠᠭᠠᠭ ᠤᠨ ᠭᠤᠯᠢᠷ᠂ ᠡᠯᠳᠡᠪ ᠠᠮᠤ ᠪᠣᠯᠤᠨ ᠡᠯᠳᠡᠪ ᠪᠤᠷᠴᠠᠭ ᠵᠡᠷᠭᠡ 50 ᠭᠠᠷᠤᠢ ᠲᠦᠮᠡᠨ ᠵᠢᠩ ᠳᠤ ᠬᠦᠷᠴᠦ᠂ ᠬᠡᠷᠡᠭᠯᠡᠭᠴᠢᠳ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃    ᠴᠢ ᠱᠠᠨ ᠬᠤ᠋᠄ ︽ᠥᠩᠭᠡᠷᠡᠭᠰᠡᠨ ᠳᠤ ᠤᠯᠠᠮᠵᠢᠯᠠᠯᠲᠤ ᠲᠠᠷᠢᠮᠠᠯ ᠤᠨ ᠦᠷ᠎ᠡ ᠠᠰᠢᠭ ᠥᠨᠳᠥᠷ ᠪᠢᠰᠢ ᠪᠠᠶᠢᠵᠠᠢ᠂ 2012 ᠣᠨ ᠳᠤ ᠬᠤᠷᠰᠢᠶ᠎ᠠ ᠪᠠᠶᠢᠭᠤᠯᠤᠭᠰᠠᠨ ᠤ ᠳᠠᠷᠠᠭ᠎ᠠ᠂ ᠪᠢ 50 ᠭᠠᠷᠤᠢ ᠡᠷᠦᠭᠡ ᠶᠢ ᠳᠠᠭᠠᠭᠤᠯᠤᠨ ᠬᠤᠪᠢ ᠣᠷᠣᠭᠤᠯᠪᠠ᠂ ᠪᠢ ᠲᠡᠳᠡᠨ ᠤ ᠠᠮᠤ ᠪᠤᠳᠠᠭ᠎ᠠ ᠶᠢ ᠬᠤᠷᠢᠶᠠᠵᠤ᠂ ᠵᠠᠬ᠎ᠠ ᠳᠡᠯᠭᠡᠭᠦᠷ ᠤᠨ ᠦᠨ᠎ᠡ ᠠᠴᠠ ᠵᠢᠩ ᠪᠦᠷᠢ ᠳᠡᠭᠡᠨ 0.2 ᠲᠥᠭᠦᠷᠢᠭ ᠠᠴᠠ 0.3 ᠲᠥᠭᠦᠷᠢᠭ ᠥᠨᠳᠥᠷ ᠪᠣᠯᠵᠠᠢ᠃ ᠲᠡᠳᠡᠨ ᠤ ᠣᠷᠣᠯᠭ᠎ᠠ ᠨᠢ ᠴᠦ ᠤᠯᠠᠮᠵᠢᠯᠠᠯᠲᠤ ᠲᠠᠷᠢᠮᠠᠯ ᠠᠴᠠ 200 ᠲᠥᠭᠦᠷᠢᠭ ᠠᠴᠠ 300 ᠲᠥᠭᠦᠷᠢᠭ ᠤᠨ ᠣᠷᠣᠯᠭ᠎ᠠ ᠲᠠᠢ᠃ ᠪᠢ ᠲᠠᠬᠢᠭᠠᠳ ᠬᠤᠷᠢᠶᠠᠵᠤ ᠠᠪᠴᠢᠷᠠᠭᠰᠠᠨ ᠪᠣᠯᠪᠠᠰᠤᠷᠠᠭᠤᠯᠤᠭᠰᠠᠨ ᠪᠦᠲᠦᠭᠡᠭᠳᠡᠬᠦᠨ ᠢᠶᠠᠨ ᠵᠠᠬ᠎ᠠ ᠳᠡᠯᠭᠡᠭᠦᠷ ᠲᠤ ᠭᠠᠷᠭᠠᠵᠤ᠂ ᠰᠦᠯᠵᠢᠶ᠎ᠡ ᠪᠠᠷ ᠬᠤᠳᠠᠯᠳᠤᠪᠠ︾ ᠬᠡᠵᠡᠢ᠃    ᠤᠯᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ ᠬᠤᠷᠰᠢᠶ᠎ᠠ ᠨᠢ ᠨᠢᠭᠡᠨᠲᠡ ᠠᠮᠤ ᠪᠤᠳᠠᠭ᠎ᠠ ᠪᠠᠷ ᠭᠤᠣᠯ ᠪᠣᠯᠭᠠᠭᠰᠠᠨ ᠲᠠᠷᠢᠬᠤ᠂ ᠪᠣᠯᠪᠠᠰᠤᠷᠠᠭᠤᠯᠬᠤ ᠪᠠ ᠪᠣᠷᠣᠯᠠᠭᠤᠯᠬᠤ ᠶᠢ ᠨᠢᠭᠡ ᠴᠤᠭᠴᠠᠵᠢᠭᠤᠯᠤᠭᠰᠠᠨ ᠵᠢᠵᠢᠭ ᠬᠡᠯᠪᠡᠷᠢ ᠶᠢᠨ ᠶᠡᠷᠦᠩᠬᠡᠶᠢᠯᠡᠭᠰᠡᠨ ᠲᠠᠷᠢᠶᠠᠯᠠᠩ ᠤᠨ ᠠᠵᠤ ᠠᠬᠤᠶᠢᠯᠠᠯ ᠪᠣᠯᠤᠨ ᠬᠥᠭᠵᠢᠵᠡᠶ᠃ 2017 ᠣᠨ ᠳᠤ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠬᠥᠭᠵᠢᠭᠦᠯᠦᠯᠲᠡ ᠶᠢᠨ ᠲᠥᠪ ᠤᠨ ᠬᠢᠨᠠᠯᠲᠠ ᠪᠠᠷ ᠳᠡᠮᠵᠢᠨ᠂ ᠳᠠᠷᠢᠭᠰᠠᠨ ᠨᠠᠷᠢᠮᠤ ᠨᠢ ᠪᠣᠬᠢᠷᠲᠤᠯ ᠥᠬᠡᠶ ᠢᠳᠡᠭᠡᠨ ᠤ A ᠲᠠᠰ ᠤᠨ ᠪᠠᠷᠢᠮᠵᠢᠶ᠎ᠠ ᠳᠤ ᠨᠡᠶᠢᠴᠡᠵᠦ᠂ ᠪᠣᠬᠢᠷᠲᠤᠯ ᠥᠬᠡᠶ ᠢᠳᠡᠭᠡᠨ ᠤ A ᠲᠠᠰ ᠤᠨ ᠪᠦᠲᠦᠭᠡᠭᠳᠡᠬᠦᠨ ᠢᠶᠠᠷ ᠦᠨᠡᠯᠡᠭᠳᠡᠪᠡ᠃    ᠴᠢ ᠱᠠᠨ ᠬᠤ᠋ ᠬᠡᠳᠦ᠋ᠢᠪᠡᠷ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠠᠵᠢᠯ ᠤᠨ ᠪᠠᠶᠢᠷᠢ ᠠᠴᠠ ᠪᠠᠨ ᠰᠠᠯᠤᠭᠰᠠᠨ ᠪᠣᠯᠪᠠᠴᠤ᠂ ᠲᠡᠷᠡ ᠮᠥᠨ ᠯᠡ ᠣᠯᠠᠨ ᠲᠦᠮᠡᠨ ᠢ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠪᠠᠷ ᠥᠪᠡᠷ ᠤᠨ ᠬᠠᠷᠠᠯᠲᠠ ᠪᠠᠨ ᠪᠣᠯᠭᠠᠵᠤ᠂ ᠡᠳᠦᠷ ᠪᠦᠷᠢ ᠭᠠᠴᠠᠭᠠᠨ ᠤ ᠲᠠᠷᠢᠶᠠᠨ ᠳᠤᠮᠳᠠᠬᠢ ᠵᠥᠷᠢᠭ ᠵᠠᠮ᠂ ᠲᠠᠷᠢᠶᠠᠴᠢᠨ ᠡᠷᠦᠬᠡ ᠶᠢᠨ ᠬᠡᠷ ᠢᠶᠠᠷ ᠰᠦᠯᠵᠢᠯᠳᠦᠵᠦ ᠪᠠᠶᠢᠳᠠᠭ᠃    ᠡᠨᠡ ᠬᠦ ︽ᠠᠬᠠᠮᠠᠳ ᠱᠦᠵᠢ︾ ᠶᠢᠨ ᠤᠷᠢᠶᠠᠯᠠᠭ᠎ᠠ ᠪᠠᠷ᠂ ᠣᠶᠢᠷ᠎ᠠ ᠣᠷᠴᠢᠮ ᠤᠨ ᠮᠠᠯᠴᠢᠨ ᠲᠠᠷᠢᠶᠠᠴᠢᠨ ᠬᠤᠶᠢᠨ᠎ᠠ ᠬᠤᠶᠢᠨ᠎ᠠ ᠠᠴᠠ ᠪᠠᠨ ᠨᠠᠷᠢᠮᠤ ᠪᠠ ᠡᠷᠳᠡᠨᠢ ᠰᠢᠰᠢ ᠳᠠᠷᠢᠵᠤ᠂ ᠣᠶᠢᠷ᠎ᠠ ᠶᠢᠨ ᠬᠤᠶᠠᠷ ᠵᠢᠯ ᠳᠤ ᠲᠡᠷᠡ ᠰᠢᠭᠤᠳ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠳᠠᠶᠢᠴᠢᠯᠠᠨ ᠳᠠᠷᠢᠭᠰᠠᠨ ᠲᠠᠯᠠᠪᠠᠶ ᠨᠢ 400 ᠮᠥ ᠬᠦᠷᠴᠦ᠂ 60 ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ ᠳᠠᠷᠢᠭᠰᠠᠨ ᠲᠠᠯᠠᠪᠠᠶ ᠨᠢ 2 ᠲᠦᠮᠡ ᠭᠠᠷᠤᠶ ᠮᠥ ᠶᠢ ᠳᠠᠪᠠᠵᠠᠶ᠃     ᠡᠮᠲᠦ ᠶᠢᠨ ᠭᠤᠣᠯ ᠰᠤᠮᠤᠨ ᠤ ᠲᠦᠯᠢᠶᠡᠲᠦ ᠭᠠᠴᠠᠭᠠᠨ ᠤ ᠮᠠᠯᠴᠢᠨ ᠮᠠ ᠪᠠᠢ ᠰᠦᠢ ᠶᠠᠷᠢᠬᠤ ᠳᠠᠭᠠᠨ᠄ ︽ᠠᠬᠠᠮᠠᠳ ᠱᠦᠵᠢ 2012 ᠣᠨ ᠠᠴᠠ ᠡᠬᠢᠯᠡᠵᠦ᠂ ᠪᠢᠳᠡᠨ ᠢ ᠳᠠᠭᠠᠭᠤᠯᠵᠤ ᠠᠮᠤ ᠪᠤᠳᠠᠭ᠎ᠠ᠂ ᠡᠷᠳᠡᠨᠢ ᠰᠢᠰᠢ ᠳᠠᠷᠢᠬᠤ ᠳᠠᠭᠠᠨ ᠲᠡᠷᠡ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠵᠠᠪᠳᠤᠬᠤ ᠦᠭᠡᠢ ᠪᠠᠷ ᠪᠠᠰᠠ ᠬᠠᠪᠰᠤᠷᠴᠤ ᠳᠠᠷᠢᠳᠠᠭ ᠂ ᠨᠠᠮᠤᠷ ᠤᠨ ᠬᠤᠷᠢᠶᠠᠯᠲᠠ ᠶᠢᠨ ᠦᠶ᠎ᠡ ᠳᠤ ᠲᠡᠷᠡ ᠬᠠᠳᠤᠵᠤ ᠬᠤᠷᠢᠶᠠᠬᠤ ᠮᠠᠰᠢᠨ ᠲᠠᠢ ᠪᠠᠶᠢᠵᠤ᠂ ᠬᠠᠳᠤᠵᠤ ᠬᠤᠷᠢᠶᠠᠬᠤ ᠮᠠᠰᠢᠨ ᠢᠶᠠᠷ ᠪᠢᠳᠡᠨ ᠢ ᠬᠠᠪᠰᠤᠷᠤᠨ ᠬᠤᠷᠢᠶᠠᠵᠤ ᠥᠭᠲᠡᠭ᠂ ᠮᠠᠨ ᠤ ᠣᠷᠣᠯᠭ᠎ᠠ ᠶᠢ ᠦᠨᠡᠬᠡᠷ ᠪᠠᠭ᠎ᠠ ᠦᠭᠡᠢ ᠨᠡᠮᠡᠭᠳᠡᠭᠦᠯᠵᠡᠶ᠂ ᠠᠮᠤ ᠬᠤᠳᠠᠯᠳᠤᠨ ᠠᠪᠬᠤ ᠦᠨ᠎ᠡ ᠨᠢ ᠴᠦ ᠨᠡᠯᠢᠶᠡᠳ ᠥᠨᠳᠥᠷ᠂ ᠵᠠᠬ᠎ᠠ ᠳᠡᠯᠭᠡᠭᠦᠷ ᠤᠨ ᠦᠨ᠎ᠡ ᠠᠴᠠ ᠴᠦ ᠪᠠᠭ᠎ᠠ ᠦᠭᠡᠢ ᠥᠨᠳᠥᠷ ᠪᠠᠶᠢᠨ᠎ᠠ᠂ ᠨᠢᠭᠡ ᠮᠦ ᠲᠠᠷᠢᠶᠠᠨ ᠳᠤ ᠠᠮᠤ ᠬᠤᠷᠢᠶᠠᠪᠠᠯ ᠭᠤᠷᠪᠠ ᠲᠦᠷᠪᠡᠨ ᠵᠠᠭᠤᠨ ᠲᠥᠭᠦᠷᠢᠭ ᠢᠯᠡᠭᠦᠦ ᠭᠠᠷᠤᠨ᠎ᠠ᠃ ᠡᠨᠡ ᠨᠢ ᠮᠠᠨ ᠤ ᠣᠷᠣᠯᠭ᠎ᠠ ᠶᠢᠨ ᠣᠷᠣᠯᠭ᠎ᠠ ᠶᠢ ᠨᠡᠮᠡᠭᠳᠡᠭᠦᠯᠦᠭᠡᠳ ᠮᠠᠨ ᠤ ᠣᠷᠣᠯᠭ᠎ᠠ ᠶᠢ ᠦᠨᠡᠬᠡᠷ ᠪᠠᠭ᠎ᠠ ᠦᠭᠡᠢ ᠨᠡᠮᠡᠭᠳᠡᠭᠦᠯᠵᠡᠶ᠂ ᠨᠢᠭᠡ ᠮᠦ ᠲᠠᠷᠢᠶᠠᠨ ᠳᠤ ᠠᠮᠤ ᠬᠤᠷᠢᠶᠠᠪᠠᠯ ᠭᠤᠷᠪᠠ ᠲᠦᠷᠪᠡᠨ ᠵᠠᠭᠤᠨ ᠲᠥᠭᠦᠷᠢᠭ ᠤᠨ ᠭᠠᠷᠤᠯᠲᠠ ᠲᠠᠢ ᠶᠤᠮ᠃ ᠠᠬᠠᠮᠠᠳ ᠱᠦᠵᠢ ᠴᠦ ᠡᠨᠡ ᠬᠡᠳᠦᠨ ᠵᠢᠯ ᠳᠤ ᠪᠢᠳᠡᠨ ᠢ ᠪᠠᠭ᠎ᠠ ᠪᠤᠰᠤ ᠬᠠᠷᠠᠭᠠᠯᠵᠠᠭᠰᠠᠨ ᠪᠣᠯᠬᠤᠷ ᠪᠢᠳᠡᠨ ᠳᠤ ᠨᠡᠯᠢᠶᠡᠳ ᠶᠡᠭᠡ ᠬᠠᠪᠰᠤᠷᠤᠯᠭ᠎ᠠ ᠦᠵᠡᠭᠦᠯᠦᠭᠰᠡᠨ ᠶᠤᠮ᠂ ᠪᠢᠳᠡᠨ ᠤ ᠰᠡᠳᠬᠢᠯ ᠶᠡᠭᠡ ᠬᠠᠨᠵᠤ ᠪᠠᠶᠢᠨ᠎ᠠ︾ ᠭᠡᠵᠦ ᠬᠡᠯᠡᠪᠡ᠃     ︽ᠲᠣᠰᠬᠤᠨ ᠨᠢ ᠲᠣᠰᠬᠤᠨ ᠢᠶᠠᠨ ᠬᠠᠷᠠᠵᠤ᠂ ᠡᠷᠦᠬᠡ ᠨᠢ ᠡᠷᠦᠬᠡ ᠪᠠᠨ ᠬᠠᠷᠠᠵᠤ᠂ ᠣᠯᠠᠨ ᠲᠦᠮᠡᠨ ᠨᠢ ᠨᠠᠮ ᠤᠨ ᠭᠡᠰᠢᠭᠦᠨ ᠺᠠᠳ᠋ᠷᠴᠤᠳ ᠢᠶᠠᠨ ᠬᠠᠷᠠᠵᠤ︾᠂ ᠴᠢ ᠱᠠᠨ ᠬᠤ᠋ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠳᠠᠭᠠᠭᠤᠯᠤᠭᠴᠢ︾ ᠪᠣᠯᠤᠭᠰᠠᠨ ᠤ ᠬᠤᠪᠢ ᠳᠤ ︽ᠪᠥᠬᠦ ᠠᠶᠢᠮᠠᠭ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠱᠠᠨ ᠬᠤ᠋ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠨᠢ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ︾᠂ ︽ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠᠨ ᠤ ᠵᠢᠷᠤᠮᠵᠢᠭᠰᠠᠨ ᠬᠤᠷᠰᠢᠶ᠎ᠠ︾ ᠶᠢᠨ ᠢᠷᠠᠭᠤ ᠠᠯᠳᠠᠷ ᠢ ᠭᠥᠷᠳᠡᠪᠡ᠃ ᠭᠠᠴᠠᠭᠠᠨ ᠳᠠᠷᠤᠭ᠎ᠠ᠂ ᠭᠠᠴᠠᠭ᠎ᠠ ᠶᠢᠨ ᠨᠠᠮ ᠤᠨ ᠡᠭᠦᠷ ᠤᠨ ᠱᠦᠵᠢ᠂ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠪᠠᠶᠠᠵᠢᠯ ᠤᠨ ᠲᠠᠭᠠᠭᠤᠯᠤᠬᠴᠢ ᠁ ᠡᠨᠡ ᠵᠢᠯ 55 ᠨᠠᠰᠤᠯᠠᠭᠰᠠᠨ ᠴᠢ ᠱᠠᠨ ᠬᠤ᠋ ᠶᠢᠨ ᠪᠡᠶ᠎ᠡ ᠶᠢᠨ ᠭᠠᠷᠤᠯ ᠬᠤᠪᠢᠷᠠᠵᠤ ᠪᠠᠶᠢᠨ᠎ᠠ᠂ ᠭᠡᠪᠡᠴᠦ ᠨᠠᠮ ᠤᠨ ᠭᠡᠰᠢᠭᠦᠨ ᠤ ᠬᠤᠪᠢ ᠪᠠᠷ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠬᠤᠪᠢᠷᠠᠬᠤ ᠦᠭᠡᠢ᠃     ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠱᠠᠨ ᠬᠤ᠋ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠴᠢ ᠱᠠᠨ ᠬᠤ᠋ ᠬᠡᠯᠡᠬᠦ ᠳᠡᠭᠡᠨ᠄ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠶᠠᠭᠤᠨ ᠤ ᠡᠮᠦᠨ᠎ᠡ ᠮᠠᠯᠴᠢᠨ ᠲᠠᠷᠢᠶᠠᠴᠢᠨ ᠤ ᠬᠠᠷᠮᠠᠨ ᠢ ᠬᠥᠪᠴᠢᠯᠡᠬᠦ ᠬᠡᠷᠡᠭᠲᠡᠶ᠂ ᠪᠢ ᠬᠢᠵᠦ ᠳᠡᠶᠢᠯᠳᠡᠭ ᠯᠡ ᠶᠤᠮ ᠪᠣᠯ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠮᠠᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠨᠠᠷᠠᠲᠤ ᠲᠡᠮᠳᠡᠭ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠪᠡᠷ ᠤᠨ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠣᠯᠠᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ︾ ᠭᠡᠵᠡᠶ᠃    
 
ᠢᠷᠡᠯᠲᠡ᠄ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号