ᠬᠤᠳᠠ ᠳᠤ ᠠᠵᠢᠯᠯᠠᠵᠦ ᠠᠮᠢᠳᠤᠷᠠᠬᠤ ᠠᠵᠠ ᠵᠠᠪᠰᠢᠶᠠᠨ ᠢᠶᠠᠨ ᠬᠠᠶᠠᠵᠦ ᠨᠤᠳᠤᠭ ᠲᠤ ᠪᠠᠨ ᠬᠠᠷᠢᠵᠦ ᠦᠢᠯᠡᠰ | ᠪᠤᠰᠬᠠᠵᠦ ᠶᠠᠪᠤᠭ᠎ᠠ ᠲᠠᠢ ᠰᠢᠶᠤᠤ ᠫᠢᠡᠭ ᠪᠤᠯ ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠦᠨ ᠤ ᠪᠠᠶᠠᠨᠵᠢᠷᠦᠭᠡ | ᠳᠤᠰᠬᠤᠨ ᠤ ᠨᠠᠶᠠᠭᠠᠳ ᠤᠨ ᠠᠴᠠ ᠰᠡᠭᠦᠯᠡᠷ ᠳᠦᠷᠦᠭᠰᠡᠨ ᠵᠠᠯᠠᠭᠤ ᠪᠤᠯᠤᠨ᠎ᠠ᠃ ᠲᠡᠷᠡ 2015 ᠤᠨ ᠳᠤ ᠶᠡᠭᠡ | ᠰᠤᠷᠭᠠᠭᠤᠯᠢ ᠪᠠᠨ ᠳᠡᠭᠦᠰᠦᠭᠰᠡᠨ ᠤ ᠳᠠᠷᠠᠭ᠎ᠠ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠳᠤ ᠲᠠᠪᠤᠨ ᠵᠢᠯ | ᠠᠵᠢᠯᠯᠠᠵᠤ ᠦᠡᠭᠭᠡᠷᠡᠵᠡᠢ᠃ ᠦᠨᠡᠨ ᠳᠤ ᠪᠠᠨ ᠳᠡᠷᠡ ᠤᠯᠠᠩᠬᠢ ᠤᠶᠤᠳᠠᠨ ᠲᠠᠢ ᠠᠳᠠᠯᠢᠬᠠᠨ ᠶᠡᠭᠡ ᠰᠤᠷᠭᠠᠭᠤᠯᠢ ᠪᠠᠨ | ᠳᠡᠭᠦᠰᠦᠭᠡᠳ ᠬᠤᠳᠠ ᠳᠤ ᠦᠯᠡᠳᠡᠵᠦ ᠠᠵᠢᠯᠯᠠᠵᠦ ᠠᠮᠢᠳᠤᠷᠠᠬᠤ ᠬᠦᠰᠡᠯ ᠲᠠᠢ ᠪᠠᠶᠢᠵᠠᠢ᠃ ᠭᠡᠪᠡᠴᠦ ᠠᠷᠦ ᠭᠡᠷ ᠲᠠᠬᠢ | ᠡᠵᠢ ᠠᠪᠤ ᠶᠢᠨ ᠢᠶᠠᠨ ᠦᠷ᠎ᠠ ᠶᠢᠨ ᠭᠠᠭᠴᠠ ᠬᠦᠦ ᠪᠤᠯᠤᠨ ᠵᠠᠶᠠᠭᠠᠭᠰᠠᠨ ᠳᠡᠷᠡ ᠭᠡᠷ ᠤᠨ ᠢᠶᠠᠨ ᠳᠦᠰᠢᠭ ᠳᠤᠯᠭᠠᠭᠤᠷᠢ | ᠪᠤᠯᠵᠤ᠂ ᠨᠡᠩ ᠢᠯᠠᠩᠭᠤᠶ᠎ᠠ ᠬᠦᠳᠡᠭᠡ ᠳᠤᠰᠬᠤᠨ ᠢ ᠬᠦᠬᠵᠢᠭᠦᠯᠦᠨ ᠮᠠᠨᠳᠤᠭᠤᠯᠬᠤ ᠳᠤ ᠦᠪᠡᠷ ᠤᠨ ᠦᠴᠦᠭᠡᠨ ᠴᠤ | ᠭᠡᠰᠡᠨ ᠬᠤᠪᠢ ᠨᠡᠮᠡᠷᠢ ᠪᠠᠨ ᠡᠷᠬᠦᠬᠦ ᠪᠠᠷ ᠨᠤᠳᠤᠭ ᠲᠤ ᠪᠠᠨ ᠪᠤᠴᠠᠵᠦ ᠦᠢᠯᠡᠰ ᠪᠤᠰᠬᠠᠬᠤ ᠪᠠᠷ ᠰᠶᠢᠳᠴᠡᠢ᠃ | ︽ᠶᠠᠭᠤᠨ ᠤ ᠤᠷᠢᠳ ᠮᠢᠨᠦ ᠠᠪᠤ ᠡᠵᠢ ᠮᠠᠯᠴᠢᠨ ᠬᠦᠮᠦᠨ᠂ ᠪᠢ ᠪᠠᠭ᠎ᠠ ᠠᠴᠠ ᠪᠠᠨ ᠮᠠᠯ ᠤᠨᠤᠭ᠎ᠠ ᠳᠤ | ᠳᠤᠷᠠᠳᠠᠢ᠂ ᠮᠠᠯᠴᠢᠨ ᠬᠦᠮᠦᠨ ᠤ ᠮᠠᠯ ᠳᠡᠵᠢᠭᠡᠬᠦ ᠤᠬᠠᠭᠠᠨ ᠪᠤᠯ ᠳᠡᠷᠡ ᠴᠡᠭ ᠢᠶᠠᠷ ᠢᠶᠠᠨ ᠬᠡᠷᠡᠭᠯᠡᠭᠡᠳ ᠪᠠᠷᠠᠰᠢ ᠦᠭᠡᠢ | ᠪᠠᠶᠠᠨ ᠬᠦᠷᠦᠩᠭᠡ᠂ ᠪᠢᠳᠡ ᠡᠭᠦᠨ ᠢᠶᠠᠨ ᠰᠠᠶᠢᠳᠤᠷ ᠠᠰᠢᠬᠯᠠᠬᠤ ᠶᠤᠰᠤᠳᠠᠢ᠂ ᠡᠨᠡ ᠰᠠᠭᠤᠷᠢᠨ ᠳᠡᠭᠡᠷ᠎ᠠ ᠪᠠᠨ ᠰᠢᠨ᠎ᠠ | ᠴᠠᠬ ᠦᠶ᠎ᠠ ᠶᠢᠨ ᠮᠡᠳᠡᠯᠭᠡ ᠮᠡᠷᠭᠡᠵᠢᠯ ᠢ ᠠᠰᠢᠭᠯᠠᠨ᠎ᠠ᠂ ᠤᠳᠤ ᠶᠠᠪᠤᠬᠤ ᠳᠤᠳᠤᠮ ᠬᠤᠳᠠ ᠬᠦᠳᠡᠭᠡ ᠶᠢᠨ ᠵᠦᠷᠢᠶ᠎ᠠ | ᠪᠠᠭᠠᠰᠵᠦ᠂ ᠤᠰᠦ ᠴᠠᠬᠢᠯᠭᠠᠨ ᠵᠠᠮ ᠬᠠᠷᠢᠯᠴᠠᠭ᠎ᠠ ᠴᠢᠮᠡᠭᠡ ᠨᠡᠪᠳᠡᠷᠡᠯᠭᠡ ᠪᠦᠷ ᠳᠦᠭᠦᠮ ᠪᠤᠯᠵᠠᠢ᠂ ᠤᠶᠤᠳᠠᠨ | ᠵᠠᠯᠠᠭᠤᠴᠤᠳ ᠨᠤᠳᠤᠭ ᠲᠤ ᠪᠠᠨ ᠪᠤᠴᠠᠵᠦ ᠢᠷᠡᠭᠡᠳ ᠤᠷᠤᠯᠳᠤᠨ ᠰᠡᠳᠭᠢᠵᠦ ᠴᠢᠷᠮᠠᠶᠢᠪᠠᠯ ᠬᠤᠳᠠ ᠶᠢᠨ | ᠬᠦᠮᠦᠨ ᠠᠴᠠ ᠳᠤᠤᠷ᠎ᠠ ᠦᠭᠡᠢ ᠰᠠᠶᠢᠬᠠᠨ ᠠᠮᠢᠳᠤᠷᠠᠨ᠎ᠠ︾ ᠭᠡᠵᠦ ᠲᠠᠢ ᠰᠢᠶᠤᠤ ᠫᠢᠡᠭ ᠪᠤᠳᠤᠯ ᠢᠶᠠᠨ ᠳᠡᠯᠭᠡᠨ᠎ᠠ᠃ | 2020 ᠤᠨ ᠳᠤ ᠨᠤᠳᠤᠭ ᠲᠤ ᠪᠠᠨ ᠪᠤᠴᠠᠵᠦ ᠢᠷᠡᠭᠰᠡᠨ ᠳᠡᠷᠡ᠂ ᠠᠪᠤ ᠪᠠᠨ ᠳᠠᠭᠠᠵᠦ ᠬᠤᠨᠢ ᠳᠡᠵᠢᠭᠡᠬᠦ | ᠮᠡᠷᠭᠡᠵᠢᠯ ᠢᠶᠠᠨ ᠪᠠᠳᠤᠳᠬᠠᠬᠤ ᠶᠢᠨ ᠬᠠᠮᠳᠦ ᠠᠵᠢᠯ ᠤᠨ ᠰᠡᠯᠡᠭᠦᠦ ᠴᠠᠬ ᠢᠶᠠᠨ ᠠᠰᠢᠭᠯᠠᠨ ᠤᠶᠢᠷ᠎ᠠ ᠬᠠᠪᠢ ᠶᠢᠨ | ᠲᠡᠵᠢᠭᠡᠵᠤ ᠦᠷᠡᠵᠢᠭᠦᠯᠬᠦ ᠳᠤᠮᠤ ᠡᠷᠦᠬᠡ ᠪᠠᠷ ᠲᠣᠭᠤᠷᠢᠨ ᠰᠤᠷᠤᠯᠴᠠᠵᠠᠢ᠃ | ᠣᠳᠣᠬᠠᠨ ᠤ ᠨᠡᠶᠢᠭᠡᠮ ᠤᠨ ᠬᠥᠭᠵᠢᠯᠲᠡ ᠶᠢᠨ ᠵᠣᠷᠢᠯᠭ᠎ᠠ ᠪᠣᠯ ᠳᠠᠷᠤᠶ ᠰᠢᠨᠵᠢᠯᠡᠬᠦ ᠤᠬᠠᠭᠠᠨᠴᠢ ᠪᠠᠷ ᠲᠠᠷᠢᠶᠠᠯᠠᠩ | ᠮᠠᠯ ᠠᠵᠦ ᠠᠬᠤᠢ ᠶᠢ ᠬᠥᠭᠵᠢᠭᠦᠯᠬᠦ ᠶᠠᠪᠤᠳᠠᠯ ᠶᠤᠮ᠂ ᠭᠡᠪᠡᠴᠦ ᠡᠷᠬᠢᠨ ᠲᠣᠭᠤᠷᠢᠨ ᠳᠠᠬᠢ ᠤᠯᠠᠩᠬᠢ ᠲᠡᠵᠢᠭᠡᠨ | ᠦᠷᠡᠵᠢᠭᠦᠯᠬᠦ ᠡᠷᠦᠭᠡ ᠶᠢᠨ ᠰᠣᠶᠣᠯ ᠤᠨ ᠬᠢᠷᠢ ᠬᠡᠮᠵᠢᠶ᠎ᠡ ᠳᠣᠣᠷ᠎ᠠ᠂ ᠳᠤᠨᠤᠭ ᠲᠥᠬᠦᠭᠡᠷᠦᠮᠵᠢ ᠨᠢ ᠬᠤᠴᠣᠷᠤᠩᠭᠤᠶ᠂ | ᠲᠡᠵᠢᠭᠡᠨ ᠠᠷᠠᠴᠢᠯᠠᠬᠤ ᠡᠵᠡᠩᠨᠡᠯᠳᠡ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ ᠪᠢᠰᠢ ᠪᠠᠶᠢᠵᠤ᠂ ᠢᠮᠠᠭᠲᠠ | ᠲᠩᠷᠢ ᠶᠢᠨ ᠴᠢᠷᠠᠶ ᠶᠢ ᠬᠠᠷᠠᠵᠤ ᠮᠠᠯᠵᠢᠵᠦ ᠪᠠᠶᠢᠵᠠᠢ᠃ ᠳᠡᠭᠡᠬᠦ ᠪᠠᠷ ᠤᠯᠠᠮᠵᠢᠯᠠᠯᠳᠦ ᠮᠠᠯᠵᠢᠯ ᠤᠨ ᠬᠡᠯᠪᠡᠷᠢ ᠶᠢ | ᠬᠤᠪᠢᠷᠠᠭᠤᠯᠵᠦ᠂ ᠰᠠᠶᠢᠨ ᠡᠭᠦᠯᠳᠡᠷ ᠤᠨ ᠬᠤᠨᠢ ᠳᠡᠵᠢᠭᠡᠪᠡᠯ ᠤᠷᠤᠯᠭ᠎ᠠ ᠨᠢ ᠨᠡᠩ ᠶᠡᠭᠡ ᠪᠤᠯᠤᠨ᠎ᠠ ᠭᠡᠳᠡᠭ ᠢ ᠳᠠᠨᠢᠵᠦ | ᠤᠯᠤᠭᠰᠠᠨ ᠳᠡᠷᠡ ᠨᠠᠷᠢᠨ ᠳᠤᠩᠭᠠᠬᠤ ᠪᠠᠷ ᠳᠠᠮᠵᠢᠨ ᠰᠢᠯᠢᠳᠡᠭ ᠡᠭᠦᠯᠳᠡᠷ ᠤᠨ ᠤᠬᠤᠷ ᠰᠡᠭᠦᠯᠳᠦ ᠬᠤᠨᠢ | ᠳᠡᠵᠢᠭᠡᠬᠦ ᠪᠠᠷ ᠳᠤᠭᠳᠠᠵᠠᠢ᠃ | ᠤᠶᠢᠯᠠᠭᠠᠭᠰᠠᠨ ᠢᠶᠠᠷ᠂ ᠤᠬᠤᠷ ᠰᠡᠭᠦᠯᠳᠦ ᠬᠤᠨᠢ ᠨᠢ ᠳᠠᠷᠭᠤ ᠰᠠᠶᠢᠳᠠᠢ᠂ ᠪᠡᠶ᠎ᠠ ᠪᠢᠯᠳᠡᠷ ᠳᠤᠮᠦ ᠪᠦᠭᠡᠳ ᠢᠭᠡᠷᠠ | ᠬᠤᠷᠠᠭ᠎ᠠ ᠬᠤᠷᠠᠭᠠᠯᠠᠳᠠᠭ ᠵᠡᠷᠭᠡ ᠤᠨᠴᠠᠯᠢᠭ ᠲᠠᠢ ᠪᠠᠶᠢᠳᠠᠭ ᠢᠶᠠᠷ ᠨᠤᠳᠤᠭ ᠤᠨ ᠬᠤᠨᠢ ᠠᠴᠠ ᠢᠯᠭᠠᠭᠳᠠᠳᠠᠭ ᠪᠠᠶᠢᠯ᠎ᠠ᠃ | ︽2020 ᠤᠨ ᠳᠤ ᠪᠢ ᠬᠢᠷᠢᠨ ᠮᠤᠵᠢ ᠠᠴᠠ 40 ᠰᠢᠯᠢᠳᠡᠭ ᠡᠭᠦᠯᠳᠡᠷ ᠤᠨ ᠬᠤᠨᠢ ᠬᠤᠳᠠᠯᠳᠤᠨ | ᠠᠪᠴᠢᠷᠠᠭᠠᠳ ᠤᠳᠦ ᠨᠢᠭᠡᠨᠳᠡ 200 ᠭᠠᠷᠦᠢ ᠪᠤᠯᠵᠠᠢ᠂ ᠡᠨᠡ ᠵᠢᠯ 400 ᠰᠢᠬᠠᠮ ᠬᠤᠷᠠᠭ᠎ᠠ ᠳᠤᠰᠴᠦ ᠳᠡᠶᠢᠯᠦᠨ᠎ᠠ | ᠂ ᠬᠤᠷᠠᠭ᠎ᠠ ᠪᠠᠷ ᠨᠢ ᠬᠤᠳᠠᠯᠳᠤᠪᠠᠯ ᠦᠨ᠎ᠠ ᠨᠢ ᠬᠢᠮᠳᠠ ᠪᠤᠯᠬᠤᠷ ᠪᠢᠳᠡ ᠤᠯᠠᠩᠬᠢ ᠳᠤ ᠪᠠᠨ ᠪᠤᠷᠳᠤᠵᠤ | ᠳᠠᠷᠭᠤᠯᠠᠭᠤᠯᠤᠨ ᠬᠤᠳᠠᠯᠳᠤᠳᠠᠭ᠂ ᠦᠨᠦ ᠵᠢᠯ ᠤᠨ ᠵᠠᠬ᠎ᠠ ᠳᠡᠯᠭᠡᠭᠦᠷ ᠤᠨ ᠦᠨ᠎ᠠ ᠬᠠᠨᠭ᠍ᠰᠢ ᠪᠠᠷ ᠪᠤᠳᠤᠪᠠᠯ ᠬᠤᠨᠢ | ᠬᠤᠳᠠᠯᠳᠤᠬᠤ ᠤᠷᠤᠯᠭ᠎ᠠ 30 — 40 ᠳᠦᠮᠡᠨ ᠳᠦᠭᠦᠷᠢᠭ ᠳᠤᠯᠤᠨ᠎ᠠ︾ ᠭᠡᠵᠦ ᠲᠠᠢ ᠰᠢᠶᠤᠤ ᠫᠢᠡᠭ | ᠬᠤᠨᠢᠨ ᠳᠤ ᠪᠠᠨ ᠡᠪᠡᠰᠦ ᠪᠤᠷᠳᠤᠭ᠎ᠠ ᠤᠶᠢᠷᠠᠳᠤᠭᠤᠯᠬᠤ ᠶᠢᠨ ᠳᠠᠭᠠᠤ ᠶᠠᠷᠢᠵᠦ ᠪᠠᠶᠢᠯ᠎ᠠ᠃ | ᠡᠳᠦᠭᠡ ᠳᠤᠰᠬᠤᠨ ᠳᠤ ᠪᠠᠨ ᠳᠡᠵᠢᠭᠡᠪᠦᠷᠢ ᠶᠢᠨ ᠭᠠᠪᠰᠢᠭᠠᠶᠢᠯᠠᠭᠴᠢ ᠪᠤᠯᠵᠦ ᠶᠠᠪᠤᠭ᠎ᠠ ᠲᠠᠢ ᠰᠢᠶᠤᠤ ᠫᠢᠡᠭ ᠮᠠᠯ ᠤᠨ | ᠡᠭᠦᠯᠳᠡᠷ ᠢᠶᠠᠨ ᠰᠠᠶᠢᠵᠢᠷᠠᠭᠤᠯᠤᠨ ᠤᠷᠤᠯᠭ᠎ᠠ ᠪᠠᠨ ᠨᠡᠮᠡᠭᠳᠡᠭᠦᠯᠬᠦ ᠶᠢᠨ ᠵᠡᠷᠭᠡ ᠪᠠᠷ ᠳᠤᠰᠬᠤᠨ ᠤ ᠠᠷᠪᠠ ᠭᠠᠷᠦᠢ | ᠡᠷᠦᠭᠡ ᠪᠠᠨ ᠳᠠᠭᠠᠭᠤᠯᠤᠨ ᠦᠯᠴᠢᠷ ᠬᠤᠨᠢ ᠳᠡᠵᠢᠭᠡᠯᠬᠡᠨ ᠤᠷᠤᠯᠭ᠎ᠠ ᠶᠢ ᠨᠢ ᠨᠡᠮᠡᠭᠳᠡᠭᠦᠯᠵᠦ ᠪᠤᠢ᠃ ᠡᠨᠡ ᠵᠢᠯ ᠵᠢᠷᠠᠨ | ᠨᠠᠰᠦᠳᠠᠢ ᠵᠠᠩ ᠪᠤᠤ ᠯᠦᠡᠭ ᠪᠤᠯ ᠳᠡᠭᠦᠨ ᠤ ᠳᠤᠳᠤᠷᠠᠬᠢ ᠨᠡᠶᠢᠳᠡᠯᠢᠭ ᠵᠢᠱᠢᠶ᠎ᠠ ᠪᠤᠯᠤᠨ᠎ᠠ᠃ ︽ᠤᠯᠠᠮᠵᠢᠯᠠᠯᠳᠦ | ᠮᠠᠯᠵᠢᠯ ᠤᠨ ᠤᠷᠤᠯᠭ᠎ᠠ ᠨᠢ ᠪᠠᠭ᠎ᠠ᠂ ᠵᠢᠯ ᠳᠤ ᠪᠠᠨ ᠠᠳᠠᠯᠢᠬᠠᠨ ᠬᠦᠴᠦ ᠬᠦᠳᠡᠯᠮᠦᠷᠢ ᠵᠠᠷᠤᠴᠠᠭᠤᠯᠤᠨ ᠳᠡᠵᠢᠭᠡᠭᠰᠡᠨ | ᠬᠤᠨᠢ ᠪᠤᠰᠤᠳ ᠤᠨ ᠡᠭᠦᠯᠳᠡᠷ ᠰᠠᠶᠢᠵᠢᠷᠠᠭᠤᠯᠤᠭᠰᠠᠨ ᠬᠤᠨᠢ ᠲᠠᠢ ᠬᠠᠷᠢᠴᠠᠭᠤᠯᠪᠠᠯ ᠤᠷᠤᠯᠭ᠎ᠠ ᠨᠢᠭᠡ ᠳᠠᠬᠢᠨ | ᠴᠢᠨᠠᠭᠰᠢᠯᠠᠪᠠᠯ ᠬᠤᠶᠠᠷ ᠳᠠᠬᠢᠨ ᠪᠠᠭ᠎ᠠ᠂ ᠳᠤᠬᠠᠶᠢᠯᠠᠪᠠᠯ 2019 ᠤᠨ ᠳᠤ 20 ᠬᠤᠨᠢ ᠠᠴᠠ ᠳᠦᠡᠭᠬᠡᠵᠢ ᠳᠦᠮᠡ | ᠭᠠᠷᠦᠢ ᠳᠦᠭᠦᠷᠢᠭ ᠤᠨ ᠤᠷᠤᠯᠭ᠎ᠠ ᠤᠯᠵᠦ ᠪᠠᠶᠢᠭᠰᠠᠨ ᠪᠤᠯ ᠤᠳᠤ ᠰᠢᠯᠢᠳᠡᠭ ᠡᠭᠦᠯᠳᠡᠷ ᠤᠨ 20 ᠬᠤᠨᠢ ᠠᠴᠠ ᠪᠠᠨ | 3 ᠳᠦᠮᠡᠨ ᠳᠦᠭᠦᠷᠢᠭ ᠤᠨ ᠴᠡᠪᠡᠷ ᠤᠷᠤᠯᠭ᠎ᠠ ᠤᠯᠵᠤ ᠳᠡᠶᠢᠯᠦᠨ᠎ᠠ︾ ᠭᠡᠵᠦ ᠵᠠᠩ ᠪᠤᠤ ᠯᠦᠡᠭ ᠤᠷᠤᠯᠭ᠎ᠠ ᠶᠢᠨ | ᠨᠠᠷᠢᠨ ᠳᠠᠩᠰᠠ ᠪᠠᠨ ᠪᠤᠳᠤᠨ᠎ᠠ᠃ | ︽ᠭᠡᠷ ᠪᠦᠯᠢ ᠶᠢᠨ ᠠᠮᠢᠳᠤᠷᠠᠯ ᠢᠶᠠᠨ ᠠᠷᠭᠠᠴᠠᠭᠠᠬᠤ ᠶᠢᠨ ᠳᠤᠰᠠᠳᠠ ᠪᠢ ᠬᠤᠳᠠ ᠤᠷᠤᠵᠦ ᠤᠯᠠᠨ ᠵᠢᠯ ᠢᠶᠠᠷ | ᠬᠦᠯᠦᠰᠦᠨ ᠠᠵᠢᠯ ᠬᠢᠵᠦ ᠶᠠᠪᠤᠵᠠᠢ᠂ ᠨᠤᠳᠤᠭ ᠤᠨ ᠳᠡᠭᠦᠦ ᠲᠠᠢ ᠰᠢᠶᠤᠤ ᠫᠢᠡᠭ ᠤᠬᠤᠷ ᠰᠡᠭᠦᠯᠳᠦ ᠬᠤᠨᠢ | ᠬᠡᠪᠴᠢᠶᠡᠵᠢᠭᠦᠯᠦᠨ ᠳᠡᠵᠢᠭᠡᠵᠤ ᠦᠯᠠᠮᠵᠢ ᠤᠷᠤᠯᠭ᠎ᠠ ᠤᠯᠵᠦ ᠪᠠᠶᠢᠨ᠎ᠠ ᠭᠡᠳᠡᠭ ᠰᠤᠷᠠᠭ ᠢᠶᠠᠷ ᠳᠡᠭᠦᠨ ᠢ ᠡᠷᠢᠨ ᠢᠷᠡᠵᠦ | ᠬᠤᠨᠢ ᠳᠡᠵᠢᠭᠡᠵᠡᠢ᠂ ᠤᠳᠤ ᠬᠠᠰᠢᠶᠠᠨ ᠳᠤ 40 ᠳᠦᠯᠯᠡᠬᠦ ᠬᠤᠨᠢ ᠲᠠᠢ᠂ ᠡᠨᠡ ᠵᠢᠯ 80 ᠭᠠᠷᠤᠢ ᠬᠤᠷᠠᠭ᠎ᠠ | ᠳᠤᠰᠬᠤ ᠪᠠᠷ ᠵᠢᠱᠢᠪᠡᠯ 8 ᠳᠦᠮᠡᠨ ᠳᠦᠭᠦᠷᠢᠭ ᠤᠨ ᠤᠷᠤᠯᠭ᠎ᠠ ᠲᠠᠢ︾ ᠭᠡᠵᠦ ᠳᠤᠰᠬᠤᠨ ᠤ ᠠᠷᠠᠳ ᠶᠠᠩ ᠶᠢᠨ | ᠰᠦᠸᠧ ᠪᠠᠶᠠᠷᠯᠠᠨ᠎ᠠ᠃ | ᠰᠤᠷᠪᠤᠯᠵᠢᠯᠠᠭ᠎ᠠ ᠦᠨᠳᠦᠷᠯᠡᠬᠦ ᠪᠠᠷ ᠲᠠᠢ ᠰᠢᠶᠤᠤ ᠫᠢᠡᠭ ︽ᠲᠡᠵᠢᠭᠡᠨ ᠦᠷᠡᠵᠢᠭᠦᠯᠬᠦ ᠬᠡᠪᠴᠢᠶ᠎ᠡ ᠪᠠᠨ | ᠦᠷᠭᠦᠯᠵᠢᠯᠡᠨ ᠦᠷᠭᠡᠳᠭᠡᠬᠦ ᠪᠠᠷ ᠳᠠᠮᠵᠢᠨ ᠳᠤᠰᠬᠤᠨ ᠪᠣᠯᠤᠨ ᠡᠷᠬᠢᠨ ᠲᠣᠭᠤᠷᠢᠨ ᠤ ᠲᠡᠵᠢᠭᠡᠨ ᠦᠷᠡᠵᠢᠭᠦᠯᠬᠦ | ᠡᠷᠦᠬᠡ ᠶᠢ ᠬᠠᠪᠰᠤᠷᠤᠨ ᠪᠣᠷᠣᠯᠠᠭᠤᠯᠭ᠎ᠠ ᠶᠢᠨ ᠵᠠᠮ ᠢ ᠨᠢ ᠰᠢᠯᠤᠭᠤᠳᠬᠠᠨ ᠠᠰᠢᠭ ᠤᠷᠤᠯᠭ᠎ᠠ ᠶᠢ ᠨᠡᠮᠡᠭᠳᠡᠭᠦᠯᠬᠦ ᠪᠠᠷ | ᠴᠢᠷᠮᠠᠶᠢᠨ᠎ᠠ᠂ ᠡᠨᠡ ᠪᠣᠯ ᠣᠳᠣᠬᠠᠨ ᠤ ᠬᠠᠮᠤᠭ ᠤᠨ ᠵᠠᠩᠭᠢᠯᠠᠭ᠎ᠠ ᠶᠢᠨ ᠨᠢᠭᠡ ᠠᠯᠬᠤᠮ ᠪᠤᠯᠤᠨ᠎ᠠ᠂ ᠪᠠᠰᠠ | ᠥᠪᠡᠷ ᠤᠨ ᠢᠶᠠᠨ ᠲᠡᠵᠢᠭᠡᠨ ᠦᠷᠡᠵᠢᠭᠦᠯᠬᠦ᠂ ᠡᠳ᠋ᠰᠢᠭᠦᠯᠦᠨ ᠪᠣᠷᠣᠯᠠᠭᠤᠯᠬᠤ ᠠᠵᠦ ᠦᠢᠯᠡᠰ ᠤᠨ ᠬᠡᠯᠬᠢᠶ᠎ᠠ ᠶᠢ ᠨᠢᠭᠡ | ᠴᠤᠭᠴᠠᠵᠢᠭᠤᠯᠤᠨ᠂ ᠤᠯᠠᠨ ᠢ ᠪᠠᠶᠠᠵᠢᠨ ᠴᠢᠨᠡᠭᠡᠯᠢᠭᠵᠢᠬᠦ ᠵᠠᠮ ᠢᠶᠠᠷ ᠵᠠᠮᠨᠠᠭᠤᠯᠤᠨ᠎ᠠ︾ ᠭᠡᠵᠦ ᠳᠠᠷᠠᠭᠠᠴᠢ ᠶᠢᠨ | ᠠᠯᠬᠤᠮ ᠤᠨ ᠠᠵᠢᠯ ᠤᠨ ᠳᠦᠯᠦᠪᠯᠡᠭᠡ ᠪᠠᠨ ᠴᠤᠬᠤᠶᠢᠯᠭᠠᠨᠠ᠃ | |