ᠰᠢᠦᠢ ᠷᠠᠨ᠄ ᠦᠨᠳᠦᠰᠦᠨ ᠱᠠᠲᠤᠨ ᠳᠤ ᠦᠨᠳᠦᠰᠦᠯᠡᠵᠦ᠂ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ
ᠨᠡᠶᠢᠲᠡᠯᠡᠭᠰᠡᠨ ᠴᠠᠭ᠄
2022/9/28
     ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠰᠤᠷᠤᠭᠴᠢᠳ ᠤᠨ ᠦᠢᠯᠡᠴᠢᠯᠡᠭᠡ ᠪᠠ ᠬᠡᠪ ᠴᠢᠨᠠᠷ ᠤᠨ ᠬᠥᠭᠵᠢᠯᠲᠡ ᠶᠢᠨ ᠲᠥᠪ ᠠᠴᠠ ᠣᠶᠤᠲᠠᠳ ᠤᠨ ᠠᠵᠢᠯ ᠣᠯᠵᠤ ᠦᠢᠯᠡᠰ ᠴᠣᠭᠴᠠᠯᠠᠭᠰᠠᠨ ᠬᠥᠮᠥᠰ ᠤᠨ ᠦᠶ᠋ᠯᠡ ᠠᠵᠢᠯᠯᠠᠭ᠎ᠠ ᠶᠢ ᠡᠯᠰᠡᠬᠦ ᠨᠡᠷᠡᠰ ᠢ ᠨᠡᠶᠢᠲᠡᠯᠡᠪᠡ᠃ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠯᠠᠨ ᠤᠯᠤᠰ ᠤᠨ ᠰᠤᠷᠭᠠᠨ ᠬᠥᠮᠦᠵᠢᠯ ᠤᠨ ᠰᠠᠯᠪᠤᠷᠢ ᠠᠴᠠ ᠲᠡᠭᠦᠰᠴᠦ᠂ ᠤᠳᠤ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠡᠯᠲᠡᠰ ᠤᠨ ᠬᠠᠷᠢᠭᠤᠴᠠᠯᠭᠠᠲᠠᠨ ᠤ ᠲᠤᠰᠢᠶᠠᠯ ᠲᠠᠢ ᠰᠢᠦᠢ ᠷᠠᠨ ᠰᠤᠷᠭᠠᠭᠤᠯᠢ ᠶᠢᠨ ᠲᠡᠰ ᠤᠨ ᠰᠢᠯᠭᠠᠷᠠᠭᠤᠯᠤᠯᠲᠠ᠂ ᠮᠤᠵᠢ ᠶᠢᠨ ᠲᠡᠰ ᠤᠨ ᠲᠠᠨᠢᠯᠴᠠᠭᠤᠯᠭ᠎ᠠ᠂ ᠤᠯᠤᠰ ᠤᠨ ᠲᠡᠰ ᠤᠨ ᠰᠢᠯᠭᠠᠷᠠᠭᠤᠯᠤᠯᠲᠠ ᠵᠡᠷᠭᠡ ᠭᠤᠷᠪᠠᠨ ᠱᠠᠲᠤ ᠪᠠᠷ ᠳᠠᠮᠵᠢᠭᠠᠳ᠂ ︽ᠭᠢᠯᠠᠯᠵᠠᠮ᠎ᠠ ᠡᠳᠦᠷ — ᠵᠠᠯᠠᠭᠤ ᠨᠠᠰᠤᠨ ᠤ ᠪᠠᠶᠢᠪᠠᠰᠤ ᠵᠣᠬᠢᠬᠤ ᠳᠦᠷᠢ ᠲᠥᠷᠬᠦ︾ ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠬᠥᠮᠥᠰ ᠤᠨ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠨᠡᠷᠡᠰ ᠲᠤ ᠰᠣᠩᠭᠤᠭᠳᠠᠵᠠᠢ᠃       ᠰᠢᠦᠢ ᠷᠠᠨ᠂ 2020 ᠣᠨ ᠤ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠪᠣᠯᠤᠭᠰᠠᠨ ᠤ ᠬᠤᠪᠢ ᠳᠤ᠂ ᠲᠡᠷᠡ ᠦᠨᠳᠦᠰᠦᠨ ᠱᠠᠲᠤᠨ ᠳᠤ ᠦᠨᠳᠦᠰᠦᠯᠡᠬᠦ ᠢᠲᠡᠭᠡᠯ ᠵᠣᠷᠢᠭ ᠢ ᠡᠪᠦᠷᠯᠡᠵᠦ᠂ ᠥᠪᠡᠷ ᠤᠨ ᠵᠠᠯᠠᠭᠤ ᠨᠠᠰᠤ ᠪᠣᠯᠣᠨ ᠬᠠᠯᠠᠭᠤᠨ ᠴᠢᠰᠤ ᠪᠠᠨ ᠡᠨᠡᠬᠦ ᠨᠤᠲᠤᠭ ᠳᠡᠪᠢᠰᠬᠡᠷ ᠲᠡᠭᠡᠨ ᠤᠷᠤᠰᠬᠠᠵᠤ᠂ ᠦᠨᠳᠦᠰᠦᠨ ᠱᠠᠲᠤᠨ ᠳᠤ ᠦᠢᠯᠡᠴᠢᠯᠡᠵᠦ᠂ ᠦᠨᠳᠦᠰᠦᠨ ᠱᠠᠲᠤ ᠶᠢ ᠪᠦᠲᠦᠭᠡᠨ ᠪᠠᠶᠢᠭᠤᠯᠵᠠᠢ᠃ 2020 ᠣᠨ ᠤ ᠡᠬᠢ ᠪᠠᠷ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠳᠡᠯᠭᠡᠷᠡᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠡᠳᠦᠷ ᠢᠷᠡᠬᠦᠶ᠎ᠡ ᠬᠦᠨᠳᠦ ᠬᠡᠴᠡᠭᠦᠦ ᠪᠣᠯᠪᠠ᠃ ᠣᠶᠤᠲᠠᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠰᠢᠦᠢ ᠷᠠᠨ ᠲᠡᠷᠡ ᠳᠠᠷᠤᠢ ᠳᠤᠨᠢ ᠨᠡᠷ᠎ᠡ ᠮᠡᠳᠡᠭᠦᠯᠵᠦ᠂ ᠲᠦᠴᠢᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠰᠠᠶᠢᠨ ᠳᠤᠷ᠎ᠠ ᠶᠢᠨ ᠠᠵᠢᠯᠯᠠᠭᠴᠢ ᠪᠣᠯᠬᠤ ᠪᠠᠷ ᠭᠤᠶᠤᠴᠢᠯᠠᠵᠤ᠂ ᠭᠤᠣᠯᠳᠠᠭᠤ ᠪᠥᠬᠦ ᠰᠢᠶᠠᠨ ᠤ ᠪᠣᠶ ᠪᠦᠬᠦᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠳᠤ ᠬᠢᠵᠢᠭ ᠢ ᠰᠡᠷᠭᠡᠶᠢᠯᠡᠬᠦ ᠡᠳ᠋ ᠪᠣᠳᠠᠰ ᠲᠦᠭᠡᠭᠡᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠵᠦ ᠬᠥᠮᠥᠷᠭᠡ ᠳᠤ ᠣᠷᠣᠭᠤᠯᠬᠤ ᠶᠢ ᠳᠡᠩᠰᠡᠯᠡᠨ ᠲᠠᠷᠬᠠᠭᠠᠬᠤ ᠠᠵᠢᠯ ᠢ ᠰᠠᠶᠢᠲᠤᠷ ᠬᠢᠵᠦ᠂ ᠰᠢᠦᠢ ᠷᠠᠨ ᠳᠤ ᠠᠪᠴᠤ ᠬᠡᠯᠡᠪᠡᠯ ᠨᠢᠭᠡ ᠵᠦᠢᠯ ᠤᠨ ᠰᠢᠯᠭᠠᠯᠲᠠ ᠪᠣᠯᠣᠨ᠎ᠠ᠃    ᠰᠢᠤᠢ ᠷᠠᠨ ᠶᠡᠷᠦ ᠰᠦᠨᠢ ᠳᠦᠯᠢ ᠪᠣᠯᠲᠠᠯ᠎ᠠ ᠡᠳ᠋ ᠪᠣᠳᠠᠰ ᠳᠡᠭᠡᠭᠡᠪᠤᠷᠢᠯᠡᠨ ᠵᠦᠭᠡᠭᠡᠵᠤ᠂ ᠭᠠᠷ ᠨᠢ ᠤᠯᠠᠶᠢᠵᠤ ᠬᠠᠪᠤᠳᠤᠨ ᠡᠪᠡᠳᠴᠦ᠂ ᠨᠢᠷᠤᠭᠤ ᠨᠢ ᠴᠦ ᠶᠠᠳᠠᠷᠠᠭᠠᠳ ᠱᠠᠷᠬᠢᠷᠠᠨ ᠡᠪᠡᠳᠳᠡᠭ᠃ ᠦᠳᠡ ᠳᠤ ᠠᠵᠢᠯᠯᠠᠵᠤ ᠪᠠᠶᠢᠭ᠎ᠠ ᠭᠠᠵᠠᠷ ᠲᠠᠭᠠᠨ ᠳᠥᠭᠦᠮᠬᠡᠨ ᠰᠢᠭ ᠦᠳᠡ ᠶᠢᠨ ᠬᠤᠭᠤᠯᠠ ᠢᠳᠡᠭᠰᠡᠨ ᠤ ᠳᠠᠷᠠᠭ᠎ᠠ ᠦᠷᠭᠦᠯᠵᠢᠯᠡᠨ ᠠᠵᠢᠯᠯᠠᠵᠤ᠂ ᠣᠷᠣᠢ ᠳᠠᠭᠠᠨ ᠰᠠᠭᠤᠴᠠ ᠳᠠᠭᠠᠨ ᠬᠠᠷᠢᠵᠤ᠂ ᠬᠠᠮᠠᠭᠠᠯᠠᠯᠲᠠ ᠶᠢᠨ ᠬᠤᠪᠴᠠᠰᠤ ᠪᠠᠨ ᠲᠠᠶᠢᠯᠬᠤ ᠳᠤ᠂ ᠪᠡᠶ᠎ᠡ ᠨᠠᠭᠠᠯᠳᠤᠭᠰᠠᠨ ᠬᠤᠪᠴᠠᠰᠤ ᠨᠢ ᠠᠯᠢ ᠬᠡᠳᠦ᠋ᠢᠨ ᠬᠥᠯᠥᠰᠦᠨ ᠳᠤ ᠳᠡᠪᠲᠦᠵᠦ᠂ ᠬᠤᠶᠠᠷ ᠭᠠᠷ ᠢᠶᠠᠨ ᠪᠡᠭᠡᠯᠡᠢ ᠳᠤ ᠪᠣᠭᠤᠭᠰᠠᠨ ᠬᠥᠯᠥᠰᠦᠨ ᠳᠤ ᠳᠡᠪᠲᠦᠵᠦ ᠠᠷᠠᠰᠤ ᠨᠢ ᠠᠲᠤᠷᠢᠳᠠᠭ᠃ ᠡᠨᠡ ᠬᠡᠳᠦᠨ ᠡᠳᠦᠷ ᠤᠨ ᠰᠠᠶᠢᠨ ᠳᠤᠷ᠎ᠠ ᠶᠢᠨ ᠦᠢᠯᠡᠴᠢᠯᠡᠭᠡ ᠶᠢᠨ ᠳᠤᠮᠳᠠ ᠰᠢᠦᠢ ᠷᠠᠨ ᠪᠠᠰᠠ ᠲᠥᠷᠥᠯ ᠰᠠᠳᠤᠨ ᠨᠠᠶᠢᠵᠠ ᠨᠥᠬᠦᠳ ᠤᠨ ᠢᠶᠠᠨ ᠵᠣᠷᠢᠭᠵᠢᠭᠤᠯᠤᠯ ᠢ ᠣᠯᠣᠭᠰᠠᠨ ᠪᠠᠶᠢᠨ᠎ᠠ᠂ ᠡᠳᠡᠭᠡᠷ ᠨᠢ ᠲᠡᠭᠦᠨ ᠢ ᠠᠮᠵᠢᠯᠲᠠ ᠪᠦᠲᠦᠮᠵᠢ ᠶᠢᠨ ᠰᠡᠳᠬᠢᠭᠳᠡᠯ ᠲᠠᠢ ᠪᠣᠯᠭᠠᠭᠰᠠᠨ ᠪᠥᠭᠡᠳ ᠬᠢᠵᠢᠭ ᠰᠡᠷᠭᠡᠶᠢᠯᠡᠬᠦ ᠠᠵᠢᠯ ᠢ ᠴᠤ ᠬᠠᠯᠠᠭᠤᠨ ᠳᠤᠯᠠᠭᠠᠨ᠂ ᠬᠦᠴᠦᠨ ᠴᠢᠳᠠᠯ ᠢ ᠨᠡᠮᠡᠭᠳᠡᠭᠦᠯᠦᠭᠰᠡᠨ ᠪᠠᠶᠢᠨ᠎ᠠ᠃ ᠲᠡᠷᠡ ᠬᠦ ᠮᠠᠷᠲᠠᠭᠳᠠᠰᠢ ᠦᠭᠡᠢ ᠥᠩᠭᠡᠷᠡᠯᠲᠡ ᠪᠠᠨ ᠡᠷᠭᠢᠴᠡᠭᠦᠯᠬᠦ ᠳᠡᠭᠡᠨ᠄ ︽ᠡᠨᠡ ᠬᠦ ᠣᠨᠴᠠᠭᠠᠶ ᠬᠢᠵᠢᠭ ᠢ ᠡᠰᠡᠷᠭᠦᠴᠡᠭᠰᠡᠨ ᠥᠩᠭᠡᠷᠡᠯᠲᠡ ᠨᠢ ᠨᠠᠳᠠ ᠳᠤ ᠲᠤᠭ᠎ᠠ ᠲᠣᠮᠰᠢ ᠦᠭᠡᠢ ᠣᠯᠠᠨ ᠳᠣᠭᠳᠣᠯᠤᠯ ᠪᠠ ᠦᠰᠦᠨ ᠪᠤᠶᠢᠵᠢᠯᠲᠠ ᠶᠢ ᠠᠪᠴᠢᠷᠠᠵᠤ ᠥᠭᠭᠦᠭᠰᠡᠨ ᠪᠥᠭᠡᠳ ᠮᠥᠨ ᠴᠦ ᠮᠢᠨᠤ ᠪᠦᠬᠦ᠋ᠢᠯᠡ ᠠᠮᠢᠳᠤᠷᠠᠯ ᠤᠨ ᠳᠤᠮᠳᠠᠬᠢ ᠬᠡᠷᠡᠯ ᠭᠢᠯᠪᠠᠭ᠎ᠠ ᠶᠢᠨ ᠣᠨᠴᠠᠭᠠᠶ ᠬᠠᠭᠤᠳᠠᠰᠤ ᠪᠣᠯᠬᠤ ᠶᠤᠮ︾ ᠭᠡᠵᠦ ᠰᠢᠦᠢ ᠷᠠᠨ ᠬᠡᠯᠡᠵᠡᠢ᠃      2020 ᠣᠨ ᠤ 8 ᠰᠠᠷ᠎ᠠ ᠳᠤ᠂ ᠰᠢᠦᠢ ᠷᠠᠨ ᠪᠠᠷᠠᠭᠤᠨ ᠣᠷᠣᠨ ᠤ ᠲᠥᠯᠥᠪᠯᠡᠭᠡ ᠶᠢᠨ ᠪᠦᠬᠦ ᠤᠯᠤᠰ ᠤᠨ ᠲᠦᠷᠦᠯ ᠵᠦᠢᠯ ᠤᠨ ᠰᠢᠯᠭᠠᠷᠠᠭᠤᠯᠤᠯᠲᠠ ᠳᠤ ᠣᠷᠤᠯᠴᠠᠬᠤ ᠪᠠᠷ ᠳᠠᠮᠵᠢᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶ᠎ᠠ ᠳᠤ ᠢᠷᠡᠵᠤ ᠠᠵᠢᠯᠯᠠᠪᠠ᠃ ᠰᠤᠷᠭᠠᠭᠤᠯᠢ ᠶᠢᠨ ᠬᠦᠷᠢᠶᠡᠨ ᠠᠴᠠ ᠰᠠᠶ᠋ᠢᠬᠠᠨ ᠭᠠᠷᠤᠭᠰᠠᠨ ᠣᠶᠤᠲᠠᠨ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠤ ᠠᠵᠢᠯ ᠢ ᠶᠠᠭ ᠣᠶᠢᠯᠠᠭᠠᠬᠤ ᠦᠭᠡᠢ ᠪᠠᠶᠢᠵᠤ᠂ ᠮᠠᠰᠢ ᠤᠯᠠᠨ ᠬᠠᠮᠲᠤ ᠠᠵᠢᠯᠯᠠᠭᠰᠠᠳ ᠨᠢ ᠲᠡᠭᠦᠨ ᠤ ᠦᠨᠳᠦᠰᠦᠨ ᠱᠠᠲᠤᠨ ᠤ ᠠᠵᠢᠯ ᠳᠤ ᠵᠣᠬᠢᠴᠠᠬᠤ ᠦᠭᠡᠢ ᠠᠴᠠ ᠠᠶᠤᠵᠤ ᠪᠠᠶᠢᠪᠠ᠃ ᠭᠡᠪᠡᠴᠦ᠂ ᠰᠢᠦᠢ ᠷᠠᠨ ᠵᠣᠷᠢᠭ ᠮᠣᠬᠤᠭᠰᠠᠨ ᠦᠭᠡᠢ᠂ ᠨᠢᠭᠡ ᠲᠠᠯ᠎ᠠ ᠪᠠᠷ ᠰᠤᠷᠤᠯᠴᠠᠵᠤ᠂ ᠨᠢᠭᠡ ᠲᠠᠯ᠎ᠠ ᠪᠠᠷ ᠰᠦᠪᠡᠭᠴᠢᠯᠡᠨ᠂ ᠰᠢᠨᠲᠠᠷᠠᠰᠢ ᠦᠭᠡᠢ ᠴᠢᠷᠮᠠᠶᠢᠭᠰᠠᠨ ᠢᠶᠠᠷ ᠮᠠᠰᠢ ᠲᠦᠷᠭᠡᠨ ᠢᠶᠠᠷ ᠠᠵᠢᠯ ᠤᠨ ᠪᠠᠶᠢᠷᠢᠨ ᠳᠠᠭᠠᠨ ᠣᠷᠣᠭᠰᠠᠨ ᠪᠠᠶᠢᠨ᠎ᠠ᠃ ᠣᠶᠢᠷ᠎ᠠ ᠶᠢᠨ ᠬᠤᠶᠠᠷ ᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠮᠢᠳᠤᠷᠠᠯ ᠨᠢ ᠲᠡᠭᠦᠨ ᠤ ᠮᠡᠳᠡᠯᠭᠡ ᠪᠠ ᠴᠢᠳᠠᠪᠤᠷᠢ ᠶᠢ ᠨᠡᠮᠡᠭᠳᠡᠭᠦᠯᠵᠦ᠂ ᠡᠭᠡᠯ ᠵᠢᠷ ᠤᠨ ᠦᠢᠯᠡ ᠠᠵᠢᠯᠯᠠᠭ᠎ᠠ ᠶᠢᠨ ᠳᠤᠮᠳᠠ ᠠᠴᠠ ᠪᠠᠶᠠᠷ ᠪᠠᠭ᠋ᠠᠳᠤᠯ ᠪᠠ ᠢᠷᠠᠭᠤ ᠠᠯᠳᠠᠷ ᠢ ᠮᠡᠳᠡᠷᠡᠭᠦᠯᠦᠭᠰᠡᠨ ᠪᠠᠶᠢᠨ᠎ᠠ ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠮᠢᠳᠤᠷᠠᠯ ᠳᠤᠮᠳᠠ᠂ ᠭᠠᠨᠢ ᠪᠡᠯᠪᠡᠰᠦᠨ ᠨᠠᠰᠤᠲᠠᠨ ᠢ ᠲᠣᠬᠤᠨᠢᠭᠤᠯᠤᠭᠰᠠᠨ ᠴᠤ ᠲᠡᠷᠡ᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠭᠰᠠᠨ ᠴᠤ ᠲᠡᠷᠡ᠂ ᠰᠢᠦᠢ ᠷᠠᠨ ᠴᠥᠮ ᠬᠠᠯᠠᠭᠤᠨ ᠰᠡᠳᠬᠢᠯ  ᠢᠶᠠᠷ ᠣᠷᠣᠯᠴᠠᠵᠤ᠂ ᠬᠠᠮᠤᠭ ᠤᠨ ᠲᠦᠷᠦᠭᠦᠨ ᠳᠤ ᠭᠠᠷ ᠡᠷᠭᠦᠭᠰᠡᠨ ︽ᠬᠠᠮᠲᠤ ᠰᠤᠷᠤᠭᠴᠢ︾ ᠪᠣᠯᠬᠤ ᠪᠠᠷ ᠴᠢᠷᠮᠠᠶᠢᠵᠤ ᠪᠠᠶᠢᠨ᠎ᠠ᠃ ︽ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠲᠤ ᠬᠠᠨᠢ ᠪᠣᠯᠬᠤ ᠪᠠ ᠬᠠᠶᠢᠷ᠎ᠠ ᠬᠠᠯᠠᠮᠵᠢ ᠬᠠᠮᠤᠭ ᠠᠴᠠ ᠢᠯᠡᠭᠦᠦ ᠬᠡᠷᠡᠭᠴᠡᠭᠡ ᠲᠠᠢ ᠪᠠᠶᠢᠳᠠᠭ᠂ ᠨᠢᠭᠡ ᠬᠥᠮᠥᠨ ᠤ ᠬᠦᠴᠦᠨ ᠮᠠᠰᠢ ᠪᠠᠭ᠎ᠠ᠂ ᠪᠦᠯᠬᠦᠮ ᠨᠡᠶᠢᠲᠡ ᠶᠢᠨ ᠬᠦᠴᠦᠨ ᠬᠢᠵᠠᠭᠠᠷ ᠦᠭᠡᠢ ᠪᠠᠶᠢᠳᠠᠭ︾ ᠰᠢᠦᠢ ᠷᠠᠨ ᠬᠡᠯᠡᠭᠰᠡᠨ ᠨᠢ᠂ 2021 ᠣᠨ ᠤ 10 ᠰᠠᠷ᠎ᠠ ᠳᠤ᠂ ᠲᠡᠷᠡ ᠬᠠᠮᠲᠤ ᠠᠵᠢᠯᠯᠠᠭᠰᠠᠳ ᠲᠠᠢ ᠪᠠᠨ ᠲᠦᠴᠢᠦᠸᠠᠨ ᠰᠢᠶᠠᠨ ᠤ ᠣᠨᠳᠣᠣ ᠭᠠᠵᠠᠷ ᠲᠤ ᠨᠡᠭᠦᠭᠰᠡᠨ ᠪᠠᠭ᠎ᠠ ᠲᠣᠭᠤᠷᠢᠭ ᠲᠤ ᠭᠦᠨᠵᠡᠭᠡᠶᠢᠷᠡᠨ ᠵᠠᠯᠠᠭᠤᠴᠤᠳ ᠪᠠᠭᠠᠴᠤᠳ ᠤᠨ ᠬᠠᠶᠢᠷ᠎ᠠ ᠬᠠᠯᠠᠮᠵᠢ ᠳᠤ ᠦᠢᠯᠡᠴᠢᠯᠡᠬᠦ ᠠᠵᠢᠯᠯᠠᠭ᠎ᠠ ᠥᠷᠨᠢᠭᠦᠯᠵᠡᠢ᠃ ᠨᠢᠭᠡ ᠤᠳᠠᠭ᠎ᠠ ᠶᠢᠨ ᠠᠶᠢᠯᠴᠢᠯᠠᠯᠲᠠ ᠶᠢᠨ ᠳᠤᠮᠳᠠ ᠰᠢᠦᠢ ᠷᠠᠨ ᠨᠢᠭᠡᠨ ᠬᠦᠦ ᠴᠧᠨ ᠲᠤᠤ ︵ᠪᠤᠷᠤᠭᠤᠯᠠᠭᠰᠠᠨ ᠨᠡᠷ᠎ᠡ︶ ᠲᠠᠢ ᠲᠠᠨᠢᠯᠴᠠᠵᠠᠢ᠃ ︽ᠡᠨᠡ ᠬᠦᠦ ᠥᠨᠥᠴᠢᠨ ᠥᠷᠥᠭᠡᠰᠦᠨ ᠭᠡᠷ ᠪᠦᠯᠢ ᠳᠤ ᠥᠰᠴᠦ᠂ ᠠᠪᠤ ᠨᠢ ᠵᠢᠯ ᠲᠤᠷᠰᠢ ᠭᠠᠳᠠᠨ᠎ᠠ ᠬᠥᠯᠥᠰᠦᠨ ᠠᠵᠢᠯ ᠬᠢᠵᠦ᠂ ᠡᠩ ᠤᠨ ᠦᠶ᠎ᠡ ᠳᠤ ᠡᠪᠦᠭᠡ ᠡᠮᠡᠭᠡ ᠲᠠᠢ ᠪᠠᠨ ᠬᠠᠮᠲᠤ ᠠᠮᠢᠳᠤᠷᠠᠳᠠᠭ︾ ᠭᠡᠵᠤ ᠰᠢᠦᠢ ᠷᠠᠨ ᠬᠡᠯᠡᠬᠦ ᠳᠡᠭᠡᠨ᠂ ᠡᠶᠢᠮᠦ ᠣᠷᠴᠢᠨ ᠲᠣᠭᠤᠷᠢᠨ ᠳᠤ ᠠᠮᠢᠳᠤᠷᠠᠬᠤ ᠳᠤ ᠴᠧᠨ ᠲᠤᠤ ᠦᠭᠡ ᠲᠠᠭᠤᠨ ᠦᠭᠡᠢ᠂ ᠢᠲᠡᠭᠡᠯ ᠦᠭᠡᠢ ᠪᠣᠯᠵᠤ᠂ ᠥᠪᠡᠷ ᠢ ᠪᠠᠨ ᠪᠢᠲᠡᠭᠦᠮᠵᠢᠯᠡᠬᠦ ᠬᠠᠨᠳᠤᠰᠢ ᠲᠠᠢ ᠪᠣᠯᠤᠭᠰᠠᠨ ᠪᠠᠶᠢᠨ᠎ᠠ ᠭᠡᠵᠡᠢ᠃ ᠡᠨᠡ ᠬᠦ ᠣᠷᠴᠢᠨ ᠲᠣᠭᠤᠷᠢᠨ ᠳᠤ ᠴᠧᠨ ᠲᠤᠤ ᠦᠭᠡ ᠲᠠᠭᠤᠨ ᠦᠭᠡᠢ᠂ ᠢᠲᠡᠭᠡᠯ ᠦᠭᠡᠢ ᠪᠣᠯᠵᠤ᠂ ᠥᠪᠡᠷ ᠢ ᠪᠠᠨ ᠪᠢᠲᠡᠭᠦᠮᠵᠢᠯᠡᠬᠦ ᠬᠠᠨᠳᠤᠰᠢ ᠲᠠᠢ ᠪᠣᠯᠤᠭᠰᠠᠨ ᠪᠠᠶᠢᠨ᠎ᠠ᠃ ᠰᠢᠦᠢ ᠷᠠᠨ ᠡᠨᠡ ᠬᠦ ᠠᠰᠠᠭᠤᠳᠠᠯ ᠢ ᠮᠡᠳᠡᠭᠰᠡᠨ ᠤ ᠳᠠᠷᠠᠭ᠎ᠠ᠂ ᠡᠳ᠋ ᠪᠣᠳᠠᠰ ᠤᠨ ᠲᠤᠰᠠᠯᠠᠮᠵᠢ ᠦᠵᠡᠭᠦᠯᠬᠦ ᠠᠴᠠ ᠭᠠᠳᠠᠨ᠎ᠠ ᠪᠠᠰᠠ ᠦᠷᠭᠦᠯᠵᠢ ᠴᠧᠨ ᠲᠤᠤ ᠶᠢᠨ ᠳᠡᠷᠭᠡᠳᠡ ᠢᠷᠡᠵᠦ᠂ ᠲᠡᠭᠦᠨ ᠲᠠᠢ ᠬᠠᠮᠲᠤ ᠨᠣᠮ ᠤᠩᠰᠢᠵᠤ ᠵᠢᠷᠤᠭ ᠵᠢᠷᠤᠵᠤ᠂ ᠬᠠᠮᠲᠤ ᠪᠠᠷ ᠲᠣᠭᠯᠠᠭᠠᠮ ᠬᠢᠵᠦ᠂ ᠳᠠᠰᠬᠠᠯ ᠢ ᠨᠢ ᠥᠭᠡᠷᠡᠴᠢᠯᠡᠨ᠂ ᠬᠡᠦᠬᠡᠳ ᠲᠠᠢ ᠪᠠᠨ ᠰᠡᠳᠬᠢᠯ ᠲᠠᠯᠪᠢᠨ ᠶᠠᠷᠢᠯᠴᠠᠳᠠᠭ᠃ ᠴᠧᠨ ᠲᠤᠤ ᠠᠭᠠᠵᠢᠮ ᠢᠶᠠᠷ ᠰᠡᠳᠬᠢᠯ ᠤᠨ ᠦᠭᠡ ᠪᠠᠨ ᠳᠡᠯᠭᠡᠵᠦ᠂ ᠴᠢᠷᠠᠢ ᠳᠤᠨᠢ ᠪᠠᠰᠠ ᠪᠠᠶᠢᠨ ᠪᠠᠶᠢᠨ ᠢᠨᠢᠶᠡᠮᠰᠦᠭᠯᠡᠯ ᠲᠣᠳᠣᠷᠠᠵᠤ ᠪᠠᠶᠢᠯ᠎ᠠ᠃ ᠲᠠᠷᠢᠶᠠᠴᠢᠨ ᠡᠷᠦᠬᠡ ᠶᠢᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠬᠤ ᠶᠢᠨ ᠲᠥᠯᠥᠭᠡ᠂ ᠡᠨᠡ ᠵᠢᠯ ᠤᠨ 5 ᠰᠠᠷ᠎ᠠ ᠠᠴᠠ ᠨᠠᠰᠢ᠂ ᠲᠦᠴᠢᠦᠸᠠᠨ ᠰᠢᠶᠠᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠵᠢᠷᠭᠤᠭᠠᠨ ᠵᠦᠢᠯ ᠤᠨ ᠢᠨᠵᠧᠨᠧᠷᠢᠩ᠂ ᠵᠢᠷᠭᠤᠭ᠎ᠠ ᠶᠢ ᠲᠣᠰᠬᠤᠨ ᠡᠷᠦᠬᠡ ᠳᠤ ᠬᠦᠷᠭᠡᠬᠦ︾ ᠠᠵᠢᠯ ᠢ ᠬᠡᠷᠡᠭᠵᠢᠭᠦᠯᠵᠡᠢ᠃ ᠡᠪᠯᠡᠯ ᠤᠨ ᠰᠢᠶᠠᠨ ᠤ ᠨᠠᠮ ᠤᠨ ᠬᠤᠷᠢᠶᠠᠨ ᠤ ᠨᠢᠭᠡᠨ ᠺᠠᠳ᠋ᠷ ᠪᠣᠯᠤᠭᠰᠠᠨ ᠤ ᠬᠤᠪᠢ ᠳᠤ᠂ ᠰᠢᠦᠢ ᠷᠠᠨ ᠲᠦᠴᠢᠦᠸᠠᠨ ᠰᠢᠶᠠᠨ ᠤ ᠨᠠᠨ ᠰᠢᠶᠠᠩ ᠲᠣᠰᠬᠤᠨ ᠤ ᠠᠷᠠᠳ ᠵᠢᠶᠠ ᠴᠦᠨ ᠰᠢᠶᠠ᠂ ᠵᠢᠶᠠ ᠴᠦᠨ ᠰᠢᠶᠠ ᠬᠥᠭᠰᠢᠨ ᠲᠠᠢ ᠪᠠᠨ ᠨᠠᠰᠤ ᠠᠬᠠᠰᠢᠷᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ᠂ ᠡᠮᠦᠨ᠎ᠡ ᠬᠡᠰᠡᠭ ᠬᠤᠭᠤᠴᠠᠭᠠᠨ ᠳᠤ ᠵᠢᠶᠠ ᠴᠦᠨ ᠰᠢᠶᠠ ᠬᠥᠭᠰᠢᠨ ᠤ ᠲᠠᠷᠢᠬᠢᠨ ᠤ ᠴᠢᠰᠤᠨ ᠰᠢᠭᠢᠳᠦᠭᠡᠰᠦ ᠨᠢ ᠲᠠᠬᠢᠨ ᠬᠥᠳᠡᠯᠵᠦ᠂ ᠭᠡᠷ ᠤᠨ ᠨᠣᠭᠤᠭ᠎ᠠ ᠶᠢᠨ ᠬᠠᠰᠢᠶ᠎ᠠ ᠨᠢ ᠡᠷ᠎ᠡ ᠡᠮ᠎ᠡ ᠬᠤᠶᠠᠭᠤᠯᠠ ᠶᠢᠨ ᠨᠢᠳᠦᠨ ᠡᠮᠦᠨᠡᠬᠢ ᠲᠦᠪᠡᠭᠲᠡᠢ ᠶᠠᠪᠤᠳᠠᠯ ᠪᠣᠯᠵᠠᠢ᠃ ᠡᠨᠡ ᠬᠦ ᠪᠠᠶᠢᠳᠠᠯ ᠢ ᠮᠡᠳᠡᠭᠰᠡᠨ ᠤ ᠲᠠᠷᠠᠭ᠎ᠠ᠂ ᠰᠢᠦᠢ ᠷᠠᠨ ᠰᠠᠨᠠᠭᠠᠴᠢᠯᠠᠭ᠎ᠠ ᠠᠴᠠ ᠪᠠᠨ ᠨᠠᠰᠤᠲᠠᠨ ᠤ ᠳᠤᠮᠳᠠ ᠢᠷᠡᠵᠤ᠂ ᠨᠣᠭᠤᠭ᠎ᠠ ᠶᠢᠨ ᠬᠠᠰᠢᠶ᠎ᠠ ᠶᠢ ᠬᠠᠪᠰᠤᠷᠤᠨ ᠠᠷᠠᠴᠢᠯᠠᠵᠤ᠂ ᠡᠷ᠎ᠡ ᠡᠮ᠎ᠡ ᠬᠤᠶᠠᠭᠤᠯᠠ ᠶᠢᠨ ᠬᠠᠮᠤᠭ ᠠᠴᠠ ᠰᠠᠨᠠᠭᠠᠰᠢᠷᠠᠵᠤ ᠪᠠᠶᠢᠭᠰᠠᠨ ᠠᠰᠠᠭᠤᠳᠠᠯ ᠢ ᠰᠢᠢᠳᠪᠦᠷᠢᠯᠡᠪᠡ᠃     ︽ᠡᠨᠡ ᠵᠠᠯᠠᠭᠤ ᠤ ᠠᠴᠢ ᠪᠠᠷ᠂ ᠤᠴᠢᠷ ᠦᠭᠡᠢ ᠪᠣᠯ ᠪᠢᠳᠡᠨ ᠢ ᠦᠵᠡᠬᠦ ᠪᠠᠷ ᠢᠷᠡᠨ᠎ᠡ᠂ ᠲᠡᠷᠡ ᠦᠨᠡᠬᠡᠷ ᠪᠢᠳᠡᠨ ᠢ ᠰᠠᠨᠠᠨ ᠬᠠᠷᠠᠭᠠᠯᠵᠠᠨ᠎ᠠ︾ ᠭᠡᠵᠦ ᠵᠢᠶᠠ ᠴᠦᠨ ᠰᠢᠶᠠ ᠰᠡᠳᠬᠢᠯ ᠳᠣᠭᠳᠣᠯᠤᠨ ᠬᠡᠯᠡᠪᠡ᠃ ᠴᠠᠭ ᠮᠥᠴᠡ ᠤᠷᠲᠤ ᠤᠳᠠᠭᠠᠨ᠂ ᠵᠠᠯᠠᠭᠤ ᠨᠠᠰᠤ ᠪᠠᠰᠠ ᠦᠷᠭᠦᠯᠵᠢᠯᠡᠭᠰᠡᠭᠡᠷ᠃ ᠤᠭ ᠰᠠᠨᠠᠭ᠎ᠠ ᠪᠠᠨ ᠡᠪᠦᠷᠯᠡᠭᠰᠡᠨ ᠰᠢᠦᠢ ᠷᠠᠨ ᠮᠥᠨ ᠯᠡ ᠠᠷᠠᠳ ᠲᠦᠮᠡᠨ ᠳᠤ ᠦᠢᠯᠡᠴᠢᠯᠡᠬᠦ ᠵᠠᠮ ᠢᠶᠠᠷ ᠦᠷᠭᠦᠯᠵᠢᠯᠡᠨ ᠤᠷᠤᠭᠰᠢᠯᠠᠵᠤ᠂ ᠤᠭ ᠰᠠᠨᠠᠭ᠎ᠠ ᠳᠠᠭᠠᠨ ᠭᠡᠮᠰᠢᠨ ᠤᠬᠠᠭᠠᠷᠠᠬᠤ ᠦᠭᠡᠢ᠃ ᠲᠡᠷᠡ ᠬᠡᠯᠡᠬᠦ ᠳᠡᠭᠡᠨ᠂ ︽ᠮᠢᠨᠤ ᠬᠢᠵᠦ ᠪᠠᠶᠢᠭ᠎ᠠ ᠠᠯᠢᠪᠠ ᠪᠦᠬᠦᠨ ᠬᠡᠳᠦ᠋ᠢᠪᠡᠷ ᠶᠠᠯᠢᠮ ᠦᠭᠡᠢ ᠂ ᠡᠭᠡᠯ ᠵᠢᠷ ᠤᠨ ᠪᠣᠯᠪᠠᠴᠤ ᠮᠢᠨᠤ ᠦᠵᠡᠬᠦ ᠪᠠᠷ ᠡᠭᠡᠯ ᠵᠢᠷ ᠤᠨ ᠬᠥᠮᠥᠨ ᠪᠣᠯᠤᠭᠰᠠᠨ ᠤ ᠬᠤᠪᠢ ᠳᠤ ᠨᠤᠲᠤᠭ ᠤᠰᠤᠨ ᠤ ᠪᠠᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠥᠪᠡᠷ ᠤᠨ ᠥᠴᠥᠬᠡᠨ ᠬᠦᠴᠦᠨ ᠴᠢᠳᠠᠯ ᠢᠶᠠᠨ ᠵᠣᠷᠢᠭᠤᠯᠬᠤ ᠬᠡᠷᠡᠭᠲᠡᠢ᠂ ᠡᠨᠡᠬᠦ ᠠᠴᠢ ᠬᠤᠯᠪᠣᠭᠳᠠᠯ ᠪᠠ ᠵᠣᠷᠢᠭ ᠰᠠᠨᠠᠭ᠎ᠠ ᠪᠣᠯ ᠶᠡᠷᠦ ᠪᠤᠰᠤ  ᠶᠢᠨ ᠶᠤᠮ︾ ᠭᠡᠵᠡᠢ᠃    
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号