ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ︽ᠰᠢᠶᠤᠤ ᠵᠢᠩ ᠲᠥᠯᠥᠪᠯᠡᠭᠡ︾ ᠶᠢ ᠠᠬᠢᠭᠤᠯᠬᠤ ᠬᠤᠷᠠᠯ ᠬᠢᠪᠠ
ᠨᠡᠶᠢᠲᠡᠯᠡᠭᠰᠡᠨ ᠴᠠᠭ᠄
2022/9/28
    9 ᠰᠠᠷ᠎ᠠ ᠶᠢᠨ 25 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ︽ᠰᠢᠶᠤᠤ ᠵᠢᠩ ᠲᠥᠯᠥᠪᠯᠡᠭᠡ︾ ᠶᠢ ᠳᠥᠯᠭᠢᠨ ᠠᠬᠢᠭᠤᠯᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠠᠶᠢᠮᠠᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ︽ᠰᠠᠮᠪᠠᠷ᠎ᠠ ᠲᠣᠳᠣᠷᠠᠭᠤᠯᠵᠤ ᠰᠡᠳᠦᠪ ᠳᠠᠭᠠᠭᠤᠯᠬᠤ︾ ᠲᠣᠬᠢᠷᠠᠭᠤᠯᠤᠯᠲᠠ ᠶᠢᠨ ᠬᠤᠷᠠᠯ ᠪᠠ ᠪᠥᠬᠦ ᠠᠶᠢᠮᠠᠭ ᠤᠨ ︽ᠰᠢᠶᠤᠤ ᠵᠢᠩ ᠲᠥᠯᠥᠪᠯᠡᠭᠡ︾ ᠶᠢ ᠲᠣᠭᠤᠷᠢᠨ ᠦᠵᠡᠵᠦ ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠨ ᠤ ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ᠂ ᠴᠢᠭᠯᠡᠯ ᠢ ᠡᠵᠡᠮᠳᠡᠵᠦ᠂ ᠶᠡᠭᠡ ᠲᠠᠯ᠎ᠠ ᠶᠢ ᠪᠣᠳᠣᠯᠬᠢᠯᠠᠵᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠨᠠᠮ ᠤᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠬᠤ ᠬᠡᠷᠡᠭᠲᠡᠢ᠃ ᠰᠤᠮᠤ ᠪᠠᠯᠭᠠᠰᠤ ᠶᠢᠨ ᠨᠠᠮ ᠤᠨ ᠬᠤᠷᠢᠶ᠎ᠠ ᠠᠴᠠ ᠤᠯᠤᠰ ᠲᠥᠷᠥ ᠪᠠᠷ ᠬᠥᠲᠥᠯᠦᠨ ᠳᠠᠭᠠᠭᠤᠯᠬᠤ ᠪᠠᠨ ᠴᠢᠩᠭᠠᠳᠬᠠᠵᠤ᠂ ︽ᠵᠢᠷᠭᠤᠭ᠎ᠠ ᠶᠢ ᠠᠳᠬᠤᠵᠤ ᠭᠤᠷᠪᠠ ᠶᠢ ᠠᠬᠢᠭᠤᠯᠵᠤ ᠬᠤᠶᠠᠷ ᠢ ᠳᠡᠭᠡᠭᠰᠢᠯᠡᠭᠦᠯᠬᠦ︾ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠬᠤ ᠬᠦᠴᠦᠨ ᠢ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠳᠤᠷᠢᠳᠬᠤ ᠪᠠᠭ ᠢ ᠠᠳᠬᠤᠵᠤ᠂ ᠡᠩᠨᠡᠭᠡ ᠪᠠᠨ ᠳᠠᠭᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠦᠨᠳᠦᠰᠦᠨ ᠱᠠᠲᠤᠨ ᠤ ᠪᠠᠬᠢᠯᠡᠯᠲᠡ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠦᠷᠢᠮ ᠢᠶᠠᠷ ᠬᠥᠮᠦᠨ ᠢ ᠬᠠᠮᠢᠶᠠᠷᠴᠤ ᠬᠡᠷᠡᠭ ᠶᠠᠪᠤᠳᠠᠯ ᠢ ᠬᠠᠮᠢᠶᠠᠷᠴᠤ᠂ ︽ᠬᠤᠰᠢᠭᠤ ᠶᠢᠨ ᠣᠷᠣᠨ ᠲᠤᠭ᠎ᠠ ᠶᠢ ᠲᠣᠰᠬᠤᠨ ᠪᠣᠯᠭᠠᠨ ᠬᠡᠷᠡᠭᠯᠡᠬᠦ︾ ᠬᠥᠮᠦᠰ ᠤᠨ ᠡᠩᠨᠡᠭᠡ ᠶᠢ ᠰᠠᠶᠢᠲᠤᠷ ᠬᠡᠷᠡᠭᠯᠡᠵᠦ᠂ ᠲᠡᠳᠡᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ ᠰᠠᠯᠬᠢ ᠪᠣᠷᠣᠭᠠᠨ ᠢ ᠲᠤᠭᠤᠯᠵᠤ᠂ ᠨᠡᠶᠢᠭᠡᠮ ᠲᠠᠢ ᠲᠠᠨᠢᠯᠴᠠᠵᠤ᠂ ᠡᠷᠳᠡᠮ ᠴᠢᠳᠠᠪᠤᠷᠢ ᠲᠠᠢ ᠪᠣᠯᠭᠠᠵᠤ᠂ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠵᠠᠯᠠᠭᠤ ᠺᠠᠳ᠋ᠷᠴᠤᠳ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ︔ ᠬᠠᠷᠢᠭᠤᠴᠠᠯᠭ᠎ᠠ ᠲᠠᠢ ᠪᠠᠶᠢᠵᠤ᠂ ᠰᠤᠷᠲᠠᠯ ᠢᠶᠠᠨ ᠰᠠᠶᠢᠵᠢᠷᠠᠭᠤᠯᠤᠨ᠂ ᠰᠠᠬᠢᠯᠭ᠎ᠠ ᠪᠠᠲᠤ ᠶᠢ ᠴᠢᠩᠳᠠᠯᠠᠵᠤ᠂ ᠤᠯᠠᠨ ᠲᠦᠮᠡᠨ ᠤ ᠬᠦᠷᠢᠶᠡᠯᠡᠯ ᠢ ᠥᠷᠭᠡᠨ ᠢᠶᠠᠷ ᠤᠯᠬᠤ ᠬᠡᠷᠡᠭᠲᠡᠶ᠃ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠰᠡᠷᠭᠡᠭ ᠴᠢᠨᠠᠷ ᠢ ᠴᠠᠭ ᠢᠮᠠᠭᠲᠠ ᠪᠠᠲᠤᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠡ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ︽ᠰᠢᠶᠤᠤ ᠵᠢᠩ︾ ᠮᠠᠶ᠋ᠢᠭ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠠᠭᠠᠭᠤᠯᠤᠭᠴᠢ ᠶᠢᠨ ᠬᠠᠪᠰᠤᠷᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ ᠳᠠᠶᠢᠴᠢᠯᠠᠵᠤ᠂ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠡᠩ ᠤᠯᠠᠨ ᠮᠠᠯᠴᠢᠨ ᠲᠠᠷᠢᠶᠠᠴᠢᠨ ᠳᠤ ᠠᠰᠢᠭ ᠣᠯᠵᠠᠪᠤᠷᠢ ᠲᠠᠢ᠂ ᠪᠣᠳᠠᠲᠤ ᠠᠰᠢᠭ ᠬᠦᠷᠲᠡᠭᠡᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠠᠩ ᠪᠸᠢ ᠫᠢᠩ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠪᠠᠶᠠᠨᠬᠤᠰᠢᠭᠤ ᠪᠠᠯᠭᠠᠰᠤ᠂ ᠪᠠᠷᠠᠭᠤᠨ ᠵᠢᠷᠢᠮ ᠪᠠᠯᠭᠠᠰᠤ᠂ ᠡᠮᠲᠦ ᠶᠢᠨ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠯᠢᠦ ᠬᠠᠶ ᠪᠥᠸᠧ᠂ ᠪᠦᠦ ᠭᠦᠸᠧ ᠵᠥᠩ ᠬᠤᠷᠠᠯ ᠳᠤ ᠣᠷᠣᠯᠴᠠᠵᠠᠶ᠃ ᠬᠤᠷᠠᠯ ᠠᠴᠠ ᠡᠮᠦᠨ᠎ᠡ᠂ ᠼᠠᠢ ᠪᠦᠦ ᠵᠢᠶᠦ᠋ᠨ ᠨᠡᠷ ᠭᠤᠤᠯ ᠤᠨ ᠪᠠᠶᠢᠰᠢᠩ ᠪᠠᠯᠭᠠᠰᠤᠨ ᠤ ᠭᠦᠸᠧ ᠭᠤᠸᠠᠩ᠂ ᠳᠦᠷᠦᠯᠵᠢ ᠪᠠᠯᠭᠠᠰᠤᠨ ᠤ ᠪᠠᠶᠠᠨᠠᠭᠤᠯᠠ᠂ ᠰᠠᠶᠢᠬᠠᠨ ᠠᠭᠤᠯᠠ ᠵᠡᠷᠭᠡ 3 ᠭᠠᠴᠠᠭ᠎ᠠ ᠳᠤ ᠭᠦᠨᠵᠡᠭᠡᠶᠢᠷᠡᠨ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠡᠶ᠃    
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号