ᠵᠠᠯᠠᠶᠢᠳ ᠬᠤᠰᠢᠭᠤ ᠤᠶᠤᠨᠴᠢ ᠳᠠᠷᠢᠶᠠᠯᠠᠩ ᠤᠨ ᠰᠢᠨ᠎ᠡ ᠬᠡᠪ ᠵᠠᠬᠪᠤᠷ ᠢᠶᠠᠷ ᠳᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2022/9/28
      ᠳᠠᠷᠢᠶ᠎ᠠ ᠳᠦᠮᠦᠰᠦ ᠪᠤᠯᠪᠠᠰᠤᠷᠠᠵᠤ᠂ ᠳᠤᠳᠤᠷᠭ᠎ᠠ ᠶᠢᠨ ᠲᠦᠷᠦᠭᠦᠦ ᠰᠢᠵᠢᠷᠳᠤᠨ ᠰᠢᠷᠭᠠᠯᠳᠤᠭᠰᠠᠨ ᠠᠯᠳᠠᠨ ᠨᠠᠮᠤᠷ ᠤᠨ 9 ᠰᠠᠷ᠎ᠠ ᠶᠢᠨ 15 ᠤ ᠡᠳᠦᠷ᠂ ᠰᠤᠷᠪᠤᠯᠵᠢᠯᠠᠬᠴᠢ ᠵᠠᠯᠠᠶᠢᠳ ᠬᠤᠰᠢᠭᠤᠨ ᠤ ︽ᠤᠶᠤᠨᠴᠢ ᠳᠠᠷᠢᠬᠢ︾ — ᠤᠶᠤᠨᠴᠢ ᠳᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠳᠦᠪ ᠲᠤ ᠬᠦᠷᠬᠦ ᠳᠤ᠂ ᠬᠤᠯᠪᠤᠭ᠎ᠠ ᠪᠠᠯᠭᠠᠰᠤᠨ ᠤ ᠸᠧᠢ ᠵᠢᠶᠠ ᠳᠤᠳᠤᠷᠭ᠎ᠠ ᠶᠢᠨ ᠦᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠳᠠᠭᠠᠭᠠᠮᠠᠯ ᠸᠧᠢ ᠵᠢᠶᠠᠨ ᠮᠢᠩ ᠪᠢᠳᠡᠨ ᠢ ᠳᠠᠭᠠᠭᠤᠯᠤᠨ ᠤᠶᠤᠨᠴᠢ ᠳᠠᠷᠢᠶᠠᠯᠠᠩ ᠤᠨ ᠳᠤᠭ᠎ᠠ ᠪᠠᠷᠢᠮᠳᠠ ᠶᠢᠨ ᠴᠤᠭᠯᠠᠷᠠᠯ ᠤᠨ ᠰᠶᠢᠳᠪᠦᠷᠢᠳᠤ ᠪᠤᠳᠤᠯᠭ᠎ᠠ ᠶᠢᠨ ᠳᠤᠭᠤᠷᠢᠭ᠂ ᠰᠢᠨᠵᠢᠯᠡᠬᠦ ᠤᠬᠠᠭᠠᠨ ᠢ ᠳᠦᠭᠡᠮᠡᠯᠵᠢᠭᠦᠯᠬᠦ ᠤᠬᠠᠭᠤᠯᠭ᠎ᠠ ᠶᠢ ᠪᠡᠶᠡᠵᠢᠯᠡᠨ ᠤᠶᠢᠯᠠᠭᠠᠬᠤ ᠳᠤᠭᠤᠷᠢᠭ᠂ ᠡᠷᠳᠡᠮ ᠰᠢᠨᠵᠢᠯᠡᠭᠡᠨ ᠤ ᠰᠤᠯᠢᠯᠴᠠᠭᠠᠨ ᠤ ᠳᠤᠭᠤᠷᠢᠭ᠂ ᠳᠠᠪᠠᠭᠤᠯᠢᠭ ᠤᠨᠴᠠᠯᠢᠭᠳᠤ ᠳᠠᠷᠢᠶᠠᠯᠠᠩ ᠤᠨ ᠪᠦᠳᠦᠭᠡᠭᠳᠡᠭᠦᠨ ᠤ ᠦᠵᠡᠭᠦᠯᠭᠡ ᠶᠢᠨ ᠳᠤᠭᠤᠷᠢᠭ ᠵᠡᠷᠭᠡ ᠭᠠᠵᠠᠷ ᠢᠶᠠᠷ ᠳᠤᠭᠤᠷᠢᠨ ᠦᠵᠡᠭᠦᠯᠬᠦ ᠶᠢᠨ ᠳᠠᠭᠠᠤ ︽ᠮᠠᠨ ᠤ ᠬᠤᠰᠢᠭᠤ ᠤᠶᠤᠨᠴᠢ ᠳᠠᠷᠢᠶᠠᠯᠠᠩ ᠤᠨ ᠰᠢᠨ᠎ᠡ ᠬᠡᠪ ᠵᠠᠬᠪᠤᠷ ᠢ ᠬᠡᠷᠡᠭᠵᠢᠭᠦᠯᠦᠭᠰᠡᠨ ᠠᠴᠠ ᠳᠤᠳᠤᠷᠭ᠎ᠠ ᠶᠢᠨ ᠳᠠᠷᠢᠶᠠᠴᠢᠳ ᠳᠠᠷᠢᠶᠠᠯᠠᠬᠤ ᠪᠦᠬᠦ ᠶᠠᠪᠤᠴᠠ ᠶᠢ ᠤᠶᠤᠨᠴᠢ ᠡᠵᠡᠮᠳᠡᠭᠦᠷ ᠢᠶᠠᠷ ᠬᠢᠨᠠᠨ ᠡᠵᠡᠮᠳᠡᠵᠤ᠂ ᠤᠰᠤᠨ ᠳᠤᠳᠤᠷᠭ᠎ᠠ ᠶᠢᠨ ᠴᠢᠬᠢ ᠪᠤᠶᠢᠵᠢᠭᠤᠯᠬᠤ᠂ ᠬᠦᠷᠦᠰᠦ ᠰᠢᠷᠤᠢ ᠶᠢᠨ ᠹᠢᠽᠢᠺ ᠬᠢᠮᠢ ᠶᠢᠨ ᠰᠢᠨᠵᠢ ᠳᠡᠮᠳᠡᠭ᠂ ᠠᠮᠢᠳᠤ ᠪᠤᠳᠠᠰ ᠤᠨ ᠪᠠᠺᠲ᠋ᠧᠷᠢᠳᠤ ᠪᠤᠷᠳᠤᠭᠤᠷ ᠵᠡᠷᠭᠡ ᠶᠢ ᠺᠤᠮᠫᠢᠦ᠋ᠲ᠋ᠧᠷ ᠳᠡᠭᠡᠷ᠎ᠡ ᠳᠤᠷᠰᠢᠨ ᠵᠠᠳᠠᠯᠵᠤ᠂ ᠳᠠᠷᠢᠶᠠᠯᠠᠩ ᠤᠨ ᠠᠷᠠᠴᠢᠯᠠᠯᠳᠠ ᠬᠠᠮᠢᠶᠠᠷᠤᠯᠳᠠ ᠶᠢ ᠰᠢᠨᠵᠢᠯᠡᠬᠦ ᠤᠬᠠᠭᠠᠨᠴᠢᠯᠠᠨ᠂ ᠤᠷᠤᠯᠭ᠎ᠠ ᠶᠢ ᠨᠡᠮᠡᠭᠳᠡᠭᠦᠯᠵᠤ᠂ ᠳᠠᠷᠢᠶᠠᠴᠢᠳ ᠲᠤ ᠦᠯᠡᠮᠵᠢ ᠠᠰᠢᠭ ᠬᠦᠷᠳᠡᠭᠡᠵᠤ ᠪᠤᠢ︾ ᠭᠡᠵᠤ ᠳᠠᠨᠢᠯᠴᠠᠭᠤᠯᠤᠯ᠎ᠠ᠃      ᠵᠠᠯᠠᠶᠢᠳ ᠬᠤᠰᠢᠭᠤᠨ ᠤ ᠤᠯᠤᠰ ᠤᠨ ᠤᠳᠤ ᠦᠶ᠎ᠡ ᠶᠢᠨ ᠳᠠᠷᠢᠶᠠᠯᠠᠩ ᠤᠨ ᠠᠵᠤ ᠦᠢᠯᠡᠰ ᠤᠨ ᠳᠤᠭᠤᠷᠢᠭ ᠪᠤᠯ ᠦᠪᠦᠷ ᠮᠤᠩᠭᠤᠯ ᠤᠨ ᠳᠦᠷᠦᠭᠦᠦ ᠨᠢᠭᠡ ᠤᠯᠤᠰ ᠤᠨ ᠳᠡᠰ ᠤᠨ ᠤᠳᠤ ᠦᠶ᠎ᠡ ᠶᠢᠨ ᠳᠠᠷᠢᠶᠠᠯᠠᠩ ᠤᠨ ᠠᠵᠤ ᠦᠢᠯᠡᠰ ᠤᠨ ᠳᠤᠭᠤᠷᠢᠭ ᠪᠠᠶᠢᠵᠤ᠂ ᠪᠦᠬᠦ ᠤᠯᠤᠰ ᠤᠨ ᠦᠨᠡᠯᠡᠯᠳᠡ ᠶᠢ ᠤᠯᠤᠭᠰᠠᠨ ᠤᠳᠤ ᠦᠶ᠎ᠡ ᠶᠢᠨ ᠳᠠᠷᠢᠶᠠᠯᠠᠩ ᠤᠨ ᠠᠵᠤ ᠦᠢᠯᠡᠰ ᠤᠨ ᠳᠤᠭᠤᠷᠢᠭ ᠤᠨ ᠳᠤᠳᠤᠷᠠᠬᠢ ᠳᠠᠯᠠᠪᠠᠢ ᠪᠠᠷ ᠬᠠᠮᠤᠭ ᠶᠡᠭᠡ ᠠᠵᠤ ᠦᠢᠯᠡᠰ ᠤᠨ ᠳᠤᠭᠤᠷᠢᠭ ᠪᠤᠯᠤᠨ᠎ᠠ᠃ ᠬᠤᠯᠪᠤᠭ᠎ᠠ ᠪᠠᠯᠭᠠᠰᠤ ᠪᠤᠯ ᠳᠤᠰ ᠠᠵᠤ ᠦᠢᠯᠡᠰ ᠤᠨ ᠳᠤᠭᠤᠷᠢᠭ ᠤᠨ ᠭᠤᠤᠯ ᠤᠷᠤᠨ ᠪᠠᠶᠢᠵᠤ᠂ ᠳᠠᠷᠢᠶᠠᠯᠠᠬᠤ ᠳᠠᠯᠠᠪᠠᠢ ᠨᠢ 28 ᠲᠦᠮᠡᠨ ᠮᠣ᠋ ᠳᠤᠯᠵᠤ᠂ ᠡᠭᠦᠨ ᠤ ᠳᠤᠳᠤᠷ᠎ᠠ ᠤᠰᠤᠨ ᠳᠤᠳᠤᠷᠭ᠎ᠠ ᠶᠢᠨ ᠳᠠᠯᠠᠪᠠᠢ 15 ᠳᠦᠮᠨᠨ ᠮᠣ᠋ ᠪᠠᠶᠢᠵᠤ᠂ ᠠᠮᠤ ᠪᠤᠳᠠᠭᠠᠨ ᠤ ᠶᠡᠷᠦᠩᠬᠡᠢ ᠤᠨᠠᠯᠳᠠ ᠶᠢ 3.5 ᠳ᠋ᠦᠩᠰᠢᠭᠤᠷ ᠵᠢᠩ ᠳᠤ ᠳᠤᠭᠳᠠᠪᠤᠷᠢᠵᠢᠭᠤᠯᠵᠤ ᠪᠤᠢ᠃      ᠳᠠᠷᠢᠶᠠᠯᠠᠬᠤ ᠮᠡᠷᠭᠡᠵᠢᠯ ᠢ ᠰᠢᠨᠵᠢᠯᠡᠬᠦ ᠤᠬᠠᠭᠠᠨᠴᠢᠯᠠᠪᠠ      ᠸᠧᠢ ᠵᠢᠶᠠᠨ ᠮᠢᠩ ᠤᠰᠤᠨ ᠳᠤᠳᠤᠷᠭ᠎ᠠ ᠳᠠᠷᠢᠬᠤ ᠮᠡᠷᠭᠡᠵᠢᠯ ᠤᠨ ᠰᠢᠨᠠᠴᠢᠯᠠᠯᠳᠠ ᠶᠢ ᠪᠡᠶ᠎ᠡ ᠪᠠᠷ ᠢᠶᠠᠨ ᠦᠩᠭᠡᠷᠡᠭᠦᠯᠵᠤ ᠢᠷᠡᠭᠰᠡᠨ ᠶᠤᠮ᠃ ᠦᠩᠭᠡᠷᠡᠭᠰᠡᠨ ᠳᠤ ᠳᠡᠳᠡᠨ ᠤ ᠬᠢᠨ 30 ᠮᠣ᠋ ᠤᠰᠤᠨ ᠳᠤᠳᠤᠷᠭ᠎ᠠ ᠪᠠᠨ ᠳᠠᠷᠢᠬᠤ ᠳᠤ ᠡᠪᠦᠭᠡ᠂ ᠠᠪᠤ ᠲᠠᠢ ᠪᠠᠨ ᠪᠦᠬᠦ ᠭᠡᠷ ᠢᠶᠠᠷ ᠢᠶᠠᠨ ᠦᠷ᠎ᠡ ᠰᠤᠩᠭᠤᠬᠤ᠂ ᠴᠢᠬᠢ ᠪᠤᠶᠢᠵᠢᠭᠤᠯᠬᠤ᠂ ᠴᠢᠬᠢ ᠰᠠᠭᠤᠯᠭᠠᠬᠤ ᠵᠡᠷᠭᠡ ᠠᠵᠢᠯ ᠳᠤ ᠪᠤᠷᠪᠢ ᠪᠤᠬᠢᠰᠭᠢᠯ ᠦᠭᠡᠢ ᠶᠠᠭᠠᠷᠠᠯᠳᠤᠳᠠᠭ᠃ ᠤᠳᠤ ᠤᠶᠤᠨᠴᠢ ᠳᠠᠷᠢᠶᠠᠯᠠᠩ ᠤᠨ ᠰᠢᠨ᠎ᠡ ᠮᠡᠷᠭᠡᠵᠢᠯ ᠢ ᠠᠰᠢᠭᠯᠠᠭᠰᠠᠨ ᠠᠴᠠ ᠦᠷ᠎ᠡ ᠪᠤᠶᠢᠵᠢᠭᠤᠯᠬᠤ᠂ ᠴᠢᠬᠢ ᠰᠠᠭᠤᠯᠭᠠᠬᠤ᠂ ᠡᠪᠡᠳᠴᠢᠨ ᠬᠤᠷᠤᠬᠠᠢ ᠶᠢ ᠰᠡᠷᠭᠡᠶᠢᠯᠡᠬᠦ᠂ ᠳᠤᠯᠠᠭᠠᠨ ᠤ ᠬᠡᠮᠵᠢᠶ᠎ᠡ ᠶᠢ ᠡᠵᠡᠮᠳᠡᠬᠦ ᠳᠤ ᠬᠦᠷᠳᠡᠯ᠎ᠡ ᠮᠠᠰᠢᠨ ᠮᠧᠬᠠᠨᠢᠭᠵᠢᠯᠳᠠ ᠶᠢ ᠬᠡᠷᠡᠭᠯᠡᠵᠤ᠂ ᠤᠰᠤᠨ ᠳᠤᠳᠤᠷᠭ᠎ᠠ ᠳᠠᠷᠢᠬᠤ ᠴᠠᠭ ᠬᠤᠭᠤᠴᠠᠭ᠎ᠠ ᠶᠢ ᠬᠠᠭᠠᠰ ᠰᠠᠷ᠎ᠠ ᠰᠢᠬᠠᠮ ᠤᠷᠢᠳᠴᠢᠯᠠᠵᠤ᠂ ᠤᠤᠯ ᠳᠤ ᠪᠠᠨ 2 ᠬᠦᠳᠡᠯᠮᠦᠷᠢ ᠬᠦᠴᠦ ᠡᠳᠦᠷ ᠲᠤ 80 ᠮᠣ᠋ ᠤᠰᠤᠨ ᠳᠤᠳᠤᠷᠭ᠎ᠠ ᠳᠠᠷᠢᠵᠤ ᠳᠡᠶᠢᠯᠬᠦ ᠪᠠᠶᠢᠭᠰᠠᠨ ᠠᠴᠠ ᠤᠳᠤ ᠮᠠᠰᠢᠨ ᠢᠶᠠᠷ ᠡᠳᠦᠷ ᠲᠤ 300 ᠮᠣ᠋ ᠤᠰᠤᠨ ᠳᠤᠳᠤᠷᠭ᠎ᠠ ᠳᠠᠷᠢᠵᠤ ᠳᠡᠶᠢᠯᠬᠦ ᠪᠤᠯᠤᠭᠰᠠᠨ ᠪᠠᠶᠢᠨ᠎ᠠ᠃ ︽ᠤᠳᠤ ᠳᠠᠷᠢᠶᠠᠴᠢᠨ ᠡᠷᠦᠬᠡ ᠪᠦᠷᠢ ᠰᠢᠨ᠎ᠡ ᠬᠡᠯᠪᠡᠷᠢ ᠶᠢᠨ ᠳᠠᠷᠢᠶᠠᠯᠠᠩ ᠤᠨ ᠮᠠᠰᠢᠨ ᠪᠠᠭᠠᠵᠢ ᠠᠴᠠ ᠭᠠᠳᠠᠨ᠎ᠠ ᠪᠸᠢ ᠳ᠋ᠸᠤ ᠠᠦ᠋ᠲ᠋ᠣ᠋ ᠵᠠᠮᠴᠢ᠂ ᠸᠢᠳᠢᠤ᠋ ᠬᠢᠨᠠᠨ ᠡᠵᠡᠮᠳᠡᠭᠦᠷ᠂ ᠳᠠᠷᠢᠮᠠᠯ ᠤᠨ ᠤᠨᠠᠯᠳᠠ ᠶᠢ ᠬᠡᠮᠵᠢᠬᠦ ᠤᠶᠤᠨ ᠴᠢᠳᠠᠪᠬᠢᠳᠤ ᠳᠤᠨᠤᠭ ᠳᠦᠭᠦᠭᠡᠷᠦᠮᠵᠢ᠂ ᠴᠢᠬᠢᠭ ᠤᠨ ᠪᠠᠶᠢᠳᠠᠯ᠂ ᠬᠤᠷᠤᠬᠠᠢ ᠶᠢᠨ ᠪᠠᠶᠢᠳᠠᠯ ᠢ ᠬᠢᠨᠠᠨ ᠬᠡᠮᠵᠢᠬᠦ ᠳᠤᠨᠤᠭ ᠳᠦᠭᠦᠭᠡᠷᠦᠮᠵᠢ ᠶᠢ ᠢᠵᠢ ᠪᠦᠷᠢᠳᠦᠭᠦᠯᠵᠤ᠂ ᠳᠡᠭᠡᠳᠤ ᠰᠢᠨᠵᠢᠯᠡᠬᠦ ᠤᠬᠠᠭᠠᠨ ᠮᠡᠷᠭᠡᠵᠢᠯ ᠢ ᠠᠰᠢᠭᠯᠠᠨ ᠤᠳᠤᠬᠢᠴᠢᠯᠠᠭᠰᠠᠨ ᠮᠡᠷᠭᠡᠵᠢᠯ ᠢᠶᠠᠷ ᠳᠠᠷᠢᠶᠠᠯᠠᠵᠤ᠂ ᠴᠠᠭ ᠪᠠ ᠬᠦᠳᠡᠯᠮᠦᠷᠢ ᠬᠦᠴᠦᠨ ᠢ ᠶᠡᠭᠡ ᠪᠠᠷ ᠠᠷᠪᠢᠯᠠᠬᠤ ᠪᠤᠯᠵᠠᠢ︾ ᠭᠡᠵᠤ ᠸᠧᠢ ᠵᠢᠶᠠᠨ ᠮᠢᠩ ᠳᠠᠨᠢᠯᠴᠠᠭᠤᠯᠤᠨ᠎ᠠ᠃      ᠳᠠᠷᠢᠶᠠᠯᠠᠩ ᠤᠨ ᠤᠨᠠᠯᠳᠠ ᠶᠢ ᠨᠡᠮᠡᠭᠳᠡᠭᠦᠯᠵᠤ ᠬᠤᠬᠢᠷᠠᠯ ᠢ ᠪᠠᠭᠠᠰᠬᠠᠪᠠ      ︽ᠦᠩᠭᠡᠷᠡᠭᠰᠡᠨ ᠳᠤ ᠤᠯᠠᠮᠵᠢᠯᠠᠯᠳᠤ ᠠᠷᠭ᠎ᠠ ᠪᠠᠷ ᠳᠠᠷᠢᠶᠠᠯᠠᠵᠤ ᠪᠠᠶᠢᠬᠤ ᠳᠤ ᠪᠢᠳᠡ ᠡᠷ᠎ᠡ ᠡᠮ᠎ᠡ ᠬᠤᠶᠠᠭᠤᠯᠠ ᠪᠠᠨ ᠡᠳᠦᠷ ᠲᠤ ᠰᠠᠶ᠋ᠢ 80 ᠮᠣ᠋ ᠤᠰᠤᠨ ᠳᠤᠳᠤᠷᠭ᠎ᠠ ᠳᠠᠷᠢᠵᠤ ᠳᠡᠶᠢᠯᠳᠡᠭ᠂ ᠤᠳᠤ ᠵᠢᠯᠤᠭᠤᠴᠢ ᠦᠭᠡᠢ ᠨᠢᠰᠭᠡᠯ ᠢᠶᠠᠷ ᠳᠠᠷᠢᠶᠠᠨ ᠡᠮ ᠰᠦᠷᠴᠢᠬᠦ᠂ ᠤᠷᠭᠤᠯᠳᠠ ᠶᠢ ᠪᠠᠳᠤᠯᠬᠠᠤ᠂ ᠤᠶᠤᠨ ᠴᠢᠳᠠᠪᠬᠢᠳᠤ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠡᠭᠦᠯᠡᠨ ᠳᠡᠪᠴᠠᠩ᠂ ᠪᠸᠢ ᠳ᠋ᠸᠤ ᠵᠠᠮᠴᠢ ᠶᠢᠨ ᠵᠢᠯᠤᠭᠤᠴᠢ ᠦᠭᠡᠢ ᠲᠷᠠᠺᠲ᠋ᠤᠷ ᠵᠡᠷᠭᠡ ᠮᠠᠰᠢᠨ ᠮᠧᠬᠠᠨᠢᠭ ᠢ ᠬᠡᠷᠡᠭᠯᠡᠭᠰᠡᠨ ᠠᠴᠠ ᠡᠳᠦᠷ ᠲᠤ 300 ᠮᠣ᠋ ᠤᠰᠤᠨ ᠳᠤᠳᠤᠷᠭ᠎ᠠ ᠳᠠᠷᠢᠵᠤ ᠳᠡᠶᠢᠯᠬᠦ ᠪᠠᠷ ᠪᠠᠷᠠᠬᠤ ᠦᠭᠡᠢ ᠴᠠᠭ ᠪᠠ ᠬᠦᠮᠦᠨ ᠤ ᠬᠦᠴᠦ ᠶᠢ ᠶᠡᠭᠡ ᠪᠠᠷ ᠠᠷᠪᠢᠯᠠᠵᠤ᠂ ᠮᠣ᠋ ᠨᠢᠭᠡᠴᠢ ᠶᠢᠨ ᠤᠨᠠᠯᠳᠠ ᠶᠢ 100 ᠵᠢᠩ ᠰᠢᠬᠠᠮ ᠨᠡᠮᠡᠭᠳᠡᠭᠦᠯᠪᠠ︾ ᠭᠡᠵᠤ ᠬᠤᠯᠪᠤᠭ᠎ᠠ ᠪᠠᠯᠭᠠᠰᠤᠨ ᠤ ᠳᠠᠷᠢᠶᠠᠴᠢᠨ ᠵᠠᠩ ᠶᠦᠩ ᠯᠠᠢ ᠤᠶᠤᠨᠴᠢ ᠳᠠᠷᠢᠶᠠᠯᠠᠩ ᠠᠴᠠ ᠠᠰᠢᠭ ᠤᠷᠤᠯᠭ᠎ᠠ ᠪᠠᠨ ᠳᠡᠭᠡᠭᠰᠢᠯᠡᠭᠦᠯᠵᠤ ᠪᠠᠶᠢᠭ᠎ᠠ ᠳᠤ ᠪᠠᠨ ᠶᠡᠬᠡᠳᠡ ᠪᠠᠶᠠᠷᠯᠠᠨ᠎ᠠ᠃     ᠤᠳᠤᠬᠠᠨ ᠳᠤ᠂ ᠬᠤᠯᠪᠤᠭ᠎ᠠ ᠪᠠᠯᠭᠠᠰᠤᠨ ᠤ ᠳᠠᠷᠢᠶᠠᠴᠢᠳ ᠰᠢᠨᠵᠢᠯᠡᠬᠦ ᠤᠬᠭᠠᠨ ᠮᠡᠷᠭᠡᠵᠢᠯ ᠤᠨ ᠬᠡᠷᠡᠭᠯᠡᠯᠳᠡ ᠶᠢ ᠠᠰᠢᠭᠯᠠᠨ ᠭᠡᠷ ᠲᠤ ᠪᠠᠨ ᠰᠠᠭᠤᠵᠤ ᠪᠠᠶᠢᠭᠠᠳ ᠭᠠᠷ ᠤᠳᠠᠰᠤᠨ ᠳᠡᠭᠡᠷ᠎ᠡ ᠠᠴᠠ ᠪᠠᠨ ᠳᠠᠷᠢᠮᠠᠯ ᠤᠨ ᠤᠷᠭᠤᠴᠠ ᠶᠢᠨ ᠪᠠᠶᠢᠳᠠᠯ᠂ ᠪᠤᠷᠳᠤᠭᠤᠷ ᠤᠨ ᠡᠯᠧᠮᠧᠨ᠋ᠲ ᠳᠤᠳᠠᠭᠳᠠᠵᠤ ᠪᠠᠶᠢᠬᠤ ᠡᠰᠡᠬᠦ ᠶᠢ ᠡᠵᠡᠮᠳᠡᠨ ᠮᠡᠳᠡᠵᠤ᠂ ᠭᠠᠷ ᠤᠳᠠᠰᠤᠨ ᠤ ᠠᠦ᠋ᠲ᠋ᠣ᠋ ᠵᠠᠮᠴᠢ ᠪᠠᠨ ᠨᠡᠭᠡᠭᠡᠭᠰᠡᠭᠡᠷ ᠵᠢᠯᠤᠭᠤᠴᠢ ᠦᠭᠡᠢ ᠮᠠᠰᠢᠨ ᠢᠶᠠᠷ ᠬᠡᠳᠦᠢ ᠴᠠᠭ ᠡᠮ ᠰᠦᠷᠴᠢᠵᠤ᠂ ᠬᠡᠳᠦᠢ ᠴᠠᠭ ᠠᠵᠢᠯᠯᠠᠵᠤ᠂ ᠠᠵᠢᠯᠯᠠᠭᠰᠠᠨ ᠤᠷᠤᠨ ᠪᠠᠶᠢᠷᠢ ᠳᠤ ᠨᠢ ᠬᠦᠷᠳᠡᠯ᠎ᠡ ᠦᠵᠡᠵᠤ ᠳᠡᠶᠢᠯᠦᠨ᠎ᠡ᠃ ᠸᠧᠢ ᠵᠢᠶᠠᠨ ᠮᠢᠩ᠄ ︽ᠵᠠᠯᠠᠶᠢᠳ ᠬᠤᠰᠢᠭᠤᠨ ᠤ ᠤᠯᠤᠰ ᠤᠨ ᠤᠳᠤ ᠦᠶ᠎ᠡ ᠶᠢᠨ ᠳᠠᠷᠢᠶᠠᠯᠠᠩ ᠤᠨ ᠠᠵᠤ ᠦᠢᠯᠡᠰ ᠤᠨ ᠳᠤᠭᠤᠷᠢᠭ ᠤᠨ ᠤᠶᠤᠨᠴᠢ ᠳᠠᠷᠢᠶᠠᠯᠠᠩ ᠤᠨ ᠵᠢᠱᠢᠶ᠎ᠡ ᠦᠵᠡᠭᠦᠯᠬᠦ ᠤᠷᠤᠨ ᠨᠢ ᠬᠤᠯᠪᠤᠭ᠎ᠠ ᠪᠠᠯᠭᠠᠰᠤᠨ ᠤ ᠭᠦ ᠮᠢᠶᠦᠤ᠂ ᠦ᠋ ᠳ᠋ᠤᠤ ᠾᠧᠽᠢ᠂ ᠵᠢᠤᠢ ᠪᠤᠤ᠂ ᠪᠠᠳᠠᠢ ᠵᠡᠷᠭᠡ 5 ᠳᠤᠰᠬᠤᠨ ᠳᠤ ᠪᠠᠶᠢᠵᠤ᠂ ᠦᠩᠭᠡᠷᠡᠭᠰᠡᠨ ᠳᠤ ᠳᠠᠷᠢᠶᠠᠴᠢᠳ ᠳᠠᠷᠢᠶᠠᠨ ᠳᠤᠮᠳᠠᠭᠤᠷ ᠶᠠᠪᠤᠵᠤ ᠬᠤᠷᠤᠬᠠᠢ ᠶᠢᠨ ᠡᠮ ᠰᠦᠷᠴᠢᠬᠦ᠂ ᠤᠷᠭᠤᠴᠠ ᠶᠢ ᠪᠠᠶᠢᠴᠠᠭᠠᠬᠤ ᠵᠡᠷᠭᠡ ᠶᠠᠪᠤᠴᠠ ᠳᠤ ᠮᠣ᠋ ᠪᠦᠷᠢ ᠠᠴᠠ 30 ᠵᠢᠩ ᠤᠨᠠᠯᠳᠠ ᠶᠢ ᠪᠠᠭᠠᠰᠬᠠᠵᠤ ᠪᠠᠶᠢᠵᠠᠢ᠂ ᠤᠳᠤ ᠪᠦᠬᠦ ᠪᠠᠯᠭᠠᠰᠤᠨ ᠤ 80% ᠶᠢᠨ ᠳᠠᠷᠢᠶᠠᠴᠢᠨ ᠤᠶᠤᠨᠴᠢ ᠳᠠᠷᠢᠶᠠᠯᠠᠩ ᠢ ᠠᠰᠢᠭᠯᠠᠵᠤ ᠪᠤᠢ︾ ᠭᠡᠵᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠷᠢᠶᠠᠯᠠᠩ ᠦᠢᠯᠡᠳᠪᠦᠷᠢᠯᠡᠯ ᠤᠨ ᠡᠯ᠎ᠡ ᠭᠤᠭᠴᠤᠭᠠᠨ ᠳᠠᠬᠢ ᠦᠢᠯᠡᠳᠦᠯ ᠴᠢᠳᠠᠪᠬᠢ ᠶᠢ ᠳᠠᠨᠢᠯᠴᠠᠭᠤᠯᠵᠤ ᠪᠠᠶᠢᠯ᠎ᠠ᠃     ᠤᠶᠢᠯᠠᠭᠠᠭᠰᠠᠨ ᠢᠶᠠᠷ᠂ ᠵᠠᠯᠠᠶᠢᠳ ᠬᠤᠰᠢᠭᠤᠨ ᠤ ᠤᠯᠤᠰ ᠤᠨ ᠤᠳᠤ ᠦᠶ᠎ᠡ ᠶᠢᠨ ᠳᠠᠷᠢᠶᠠᠯᠠᠩ ᠤᠨ ᠠᠵᠤ ᠦᠢᠯᠡᠰ ᠤᠨ ᠳᠤᠭᠤᠷᠢᠭ ᠨᠢ ᠪᠦᠬᠦ ᠤᠯᠤᠰ ᠤᠨ ᠬᠠᠮᠤᠭ ᠳᠡᠭᠡᠳᠤ ᠳᠡᠰ ᠤᠨ᠂ ᠬᠠᠮᠤᠭ ᠳᠠᠪᠰᠢᠭᠰᠠᠨ᠂ ᠬᠠᠮᠤᠭ ᠬᠡᠷᠡᠭᠯᠡᠯᠳᠡ ᠲᠠᠢ ᠤᠳᠤ ᠦᠶ᠎ᠡ ᠵᠨ ᠳᠠᠷᠢᠶᠠᠯᠠᠩ ᠤᠨ ᠬᠠᠮᠢᠶᠠᠷᠤᠯᠳᠠ ᠶᠢᠨ ᠰᠢᠰᠲ᠋ᠧᠮ ᠢ ᠬᠡᠷᠡᠭᠯᠡᠨ᠂ ᠤᠶᠤᠨᠴᠢ ᠳᠠᠷᠢᠶᠠᠯᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠶᠠᠷ ᠶᠡᠭᠡ ᠳᠠᠪᠴᠠᠩ ᠢᠶᠠᠷ ᠳᠠᠮᠵᠢᠭᠤᠯᠤᠨ ᠳᠠᠷᠢᠶᠠᠯᠠᠩ ᠤᠨ ᠳᠤᠰᠬᠠᠢ ᠮᠡᠷᠭᠡᠵᠢᠯᠳᠡᠨ ᠰᠦᠯᠵᠢᠶᠡᠨ ᠳᠡᠭᠡᠷ᠎ᠡ ᠦᠢᠯᠡᠴᠢᠯᠡᠬᠦ᠂ ᠳᠠᠷᠢᠶᠠᠯᠠᠩ ᠤᠨ ᠪᠦᠳᠦᠭᠡᠭᠳᠡᠭᠦᠨ ᠤ ᠵᠠᠬ᠎ᠠ ᠳᠡᠯᠭᠡᠭᠦᠷ ᠤᠨ ᠰᠤᠷᠠᠭ ᠵᠠᠩᠭᠢ᠂ ᠦᠢᠯᠡᠳᠪᠦᠷᠢᠯᠡᠯ ᠤᠨ ᠬᠠᠮᠢᠶᠠᠷᠤᠯᠳᠠ ᠦᠢᠯᠡᠴᠢᠯᠡᠭᠡ ᠵᠡᠷᠭᠡ 6 ᠢᠵᠢ ᠰᠢᠰᠲ᠋ᠧᠮ ᠢ ᠪᠦᠷᠢᠨᠰᠢᠭᠦᠯᠵᠤ᠂ 10 ᠲᠦᠮᠡᠨ ᠮᠣ᠋ ᠤᠶᠤᠨᠴᠢ ᠳᠠᠷᠢᠶᠠᠯᠠᠩ ᠤᠨ ᠳᠠᠯᠠᠪᠠᠢ ᠶᠢ ᠰᠢᠭᠤᠳ ᠬᠠᠮᠢᠶᠠᠷᠤᠨ ᠡᠵᠡᠮᠳᠡᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠮᠦᠵᠢᠯ ᠤᠨ ᠡᠭᠦᠯᠡᠨ ᠳᠠᠪᠴᠠᠩ ᠲᠠᠢ ᠰᠢᠭᠤᠳ ᠬᠤᠯᠪᠤᠭᠠᠯᠠᠵᠤ ᠨᠡᠪᠳᠡᠷᠡᠯᠴᠡᠬᠦ ᠶᠢ ᠪᠦᠬᠦ ᠳᠠᠯ᠎ᠠ ᠪᠠᠷ ᠪᠡᠶᠡᠯᠡᠭᠦᠯᠦᠭᠰᠡᠨ ᠪᠠᠶᠢᠨ᠎ᠠ᠃    
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号