ᠯᠢ ᠬᠤᠩ ᠼᠠᠢ ᠲᠦᠴᠢᠦᠸᠠᠨ ᠰᠢᠶᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/28
       ᠲᠦᠴᠢᠦᠸᠠᠨ ᠰᠢᠶᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠭᠦᠢᠴᠡᠳᠬᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠠᠯᠪᠠᠨ ᠭᠡᠷ ᠤᠨ ᠬᠠᠨᠤᠮᠵᠢ ᠶᠢᠨ ᠨᠣᠷᠮ᠎ᠠ ᠶᠢ ᠳᠡᠭᠡᠭᠰᠢᠯᠡᠭᠦᠯᠵᠦ᠂ 9 ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠨᠠᠷ ᠲᠦᠴᠢᠦᠸᠠᠨ ᠰᠢᠶᠠᠨ ᠳᠤ ᠬᠦᠷᠴᠦ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠵᠢᠯ ᠤᠨ ᠬᠠᠭᠤᠳᠠᠰᠤ ᠶᠢ ᠭᠦᠢᠴᠡᠳᠬᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠣᠭᠤᠳᠪᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠵᠢᠶᠠ ᠵᠢᠶᠦ᠋ᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠳ᠋ᠠᠢ ᠯᠢ ᠮᠢᠩ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃    ᠲᠦᠴᠢᠦᠸᠠᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ᠂ ᠯᠢ ᠬᠤᠩ ᠼᠠᠢ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠤᠯᠠᠨ ᠲᠦᠮᠡᠨ ᠤ ᠬᠠᠨᠤᠮᠵᠢ ᠶᠢᠨ ᠨᠤᠷᠮ᠎ᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᠠᠷᠠᠳ ᠲᠤ ᠲᠦᠭᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠠᠵᠢᠯᠯᠠᠭᠠᠨ ᠤ ᠵᠠᠭᠪᠤᠷ᠂ ᠠᠵᠢᠯ ᠤᠨ ᠶᠠᠪᠤᠴᠠ᠂ ᠬᠦᠰᠡᠯ ᠱᠠᠭᠠᠷᠳᠠᠯᠭ᠎ᠠ ᠶᠢᠨ ᠬᠠᠯᠠᠮᠰᠢᠯ ᠠᠰᠠᠭᠤᠳᠠᠯ ᠵᠢᠴᠢ ᠡᠯ᠎ᠡ ᠬᠦᠷᠢᠶᠡᠨ ᠳᠠᠬᠢ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ ᠳᠠᠭᠤᠰᠬᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠯᠢ ᠬᠤᠩ ᠼᠠᠢ ᠵᠢᠭᠠᠵᠤ ᠭᠠᠷᠭᠠᠭᠰᠠᠨ ᠨᠢ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠪᠣᠯ ᠵᠠᠰᠠᠭ ᠤᠨ ᠣᠷᠳᠣᠨ ᠪᠣᠯᠣᠨ ᠣᠯᠠᠨ ᠲᠦᠮᠡᠨ ᠤ ᠬᠤᠭᠤᠷᠣᠨᠳᠣᠬᠢ ᠬᠠᠷᠢᠯᠴᠠᠭ᠎ᠠ ᠨᠡᠪᠲᠡᠷᠡᠯᠴᠡᠭᠡ ᠶᠢᠨ ᠬᠥᠭᠦᠷᠭᠡ ᠬᠤᠯᠪᠣᠭᠠᠰᠤ ᠪᠣᠯᠣᠨ᠎ᠠ᠂ ᠵᠠᠰᠠᠭ ᠤᠨ ᠣᠷᠳᠣᠨ ᠠᠴᠠ ᠤᠯᠠᠨ ᠲᠦᠮᠡᠨ ᠤ ᠬᠦᠴᠢᠷᠳᠡᠯ ᠢ ᠣᠶᠢᠯᠠᠭᠠᠬᠤ᠂ ᠤᠯᠠᠨ ᠲᠦᠮᠡᠨ ᠤ ᠰᠡᠳᠬᠢᠯ ᠤᠨ ᠦᠭᠡ ᠶᠢ ᠰᠣᠨᠣᠰᠬᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ ᠴᠢᠬᠤᠯᠠ ᠠᠷᠭ᠎ᠠ ᠵᠠᠮ ᠮᠥᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠠᠶᠢᠭᠤᠯᠤᠮᠵᠢ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠠᠯᠠᠭᠤᠨ ᠤᠲᠠᠰᠤᠨ ᠤ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠬᠤᠷᠣᠰᠤᠯ ᠢ ᠠᠷᠢᠯᠭᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠤᠨ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠯᠠᠨ ᠤ ᠲᠤᠰᠬᠠᠭᠰᠠᠨ ᠪᠣᠳᠠᠲᠠᠢ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠪᠡ᠃    ᠯᠢ ᠬᠤᠩ ᠼᠠᠢ ᠴᠢᠬᠤᠯᠠᠴᠢᠯᠠᠬᠤ ᠳᠠᠭᠠᠨ᠂ ᠨᠢᠭᠡ ᠳᠤ ᠬᠠᠷᠢᠭᠤᠴᠠᠯᠭ᠎ᠠ ᠶᠢᠨ ᠤᠬᠠᠮᠰᠠᠷ ᠪᠠ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ᠂ ᠣᠯᠠᠨ ᠲᠦᠮᠡᠨ ᠬᠠᠨᠤᠮᠵᠢᠲᠠᠶ ᠪᠠᠶᠢᠬᠤ ᠪᠠᠷ ᠬᠠᠷᠠᠯᠲᠠ ᠪᠣᠯᠭᠠᠨ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠨᠠᠷᠢᠨ ᠬᠢᠨᠠᠮᠠᠭᠠᠢ ᠵᠠᠳᠠᠯᠤᠨ ᠰᠤᠳᠤᠯᠵᠤ ᠮᠠᠭᠠᠳᠯᠠᠨ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠡᠷᠢᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠲᠥᠰᠥᠯ ᠢ ᠰᠤᠳᠤᠯᠤᠨ ᠲᠣᠭᠲᠠᠭᠠᠬᠤ ᠬᠡᠷᠡᠭᠲᠡᠢ︔ ᠬᠤᠶᠠᠷ ᠲᠤ ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢ ᠴᠠᠭ ᠲᠤᠬᠠᠢ ᠳᠤᠨᠢ ᠭᠥᠯᠢᠶᠡᠨ ᠠᠪᠴᠤ᠂ ᠴᠠᠭ ᠲᠤᠬᠠᠢ ᠳᠤᠨᠢ ᠭᠦᠢᠴᠡᠳᠬᠡᠵᠦ᠂ ︽ᠲᠦᠷᠭᠡᠨ ᠭᠥᠯᠢᠶᠡᠨ ᠠᠪᠬᠤ᠂ ᠲᠦᠷᠭᠡᠨ ᠳᠠᠮᠵᠢᠭᠤᠯᠬᠤ᠂ ᠲᠦᠷᠭᠡᠨ ᠰᠢᠢᠳᠪᠦᠷᠢᠯᠡᠬᠦ᠂ ᠲᠦᠷᠭᠡᠨ ᠬᠠᠷᠢᠭᠤᠯᠲᠠ ᠥᠭᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠭᠠᠬᠢᠭᠰᠠᠨ ᠴᠤ ᠬᠤᠶᠢᠰᠢᠯᠠᠭᠤᠯᠬᠤ ᠦᠭᠡᠢ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠶᠢᠬᠤ ᠬᠡᠷᠡᠭᠲᠡᠢ︔ ᠭᠤᠷᠪᠠ ᠳᠤ᠂ ᠲᠤᠬᠠᠶᠢᠯᠠᠭᠰᠠᠨ ᠠᠵᠢᠯ ᠤᠨ ᠠᠵᠢᠯᠲᠠᠳ ᠤᠨ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠣᠯᠣᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠴᠢᠩᠭᠠᠳᠬᠠᠵᠤ᠂ ᠦᠢᠯᠡᠴᠢᠯᠡᠭᠡᠨ ᠤ ᠶᠠᠪᠤᠴᠠ ᠶᠢ ᠴᠢᠨᠠᠭᠰᠢᠳᠠ ᠰᠢᠯᠢᠳᠡᠭᠵᠢᠭᠦᠯᠵᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠡᠷᠬᠢᠯᠡᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠳᠥᠷᠪᠡ ᠳᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠠᠯᠠᠮᠰᠢᠯ ᠠᠰᠠᠭᠤᠳᠠᠯ ᠢ ᠴᠠᠭ ᠲᠤᠬᠠᠢ ᠳᠤᠨᠢ ᠠᠩᠬᠠᠷᠴᠤ᠂ ᠲᠠᠬᠢᠨ ᠳᠠᠪᠲᠠᠨ ᠢᠯᠡᠷᠡᠭᠰᠡᠨ ᠪᠠ ᠤᠷᠳᠤ ᠬᠤᠭᠤᠴᠠᠭ᠎ᠠ ᠪᠠᠷ ᠰᠢᠢᠳᠪᠦᠷᠢᠯᠡᠭᠡᠳᠦᠢ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠬᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ︔ ᠲᠠᠪᠤ ᠳᠤ᠂ ᠤᠯᠠᠨ ᠲᠦᠮᠡᠨ ᠯᠦᠭᠡ ᠶᠢᠨ ᠰᠣᠯᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠬᠠᠷᠢᠭᠤ ᠲᠤᠰᠬᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠦᠲᠦᠮᠵᠢᠲᠡᠢ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠪᠡ᠃      
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号