ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠭᠤᠴᠢᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ ᠵᠠᠩ ᠱᠤᠸᠠᠩ ᠴᠧᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/9/28
     9 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠠᠶᠢᠮᠠᠭ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ︔ ᠪᠥᠬᠦ ᠰᠢᠶᠠᠨ ᠤ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠬᠢᠯᠡᠯᠲᠡ ᠲᠠᠢ ᠪᠠᠶᠢᠬᠤ︾ ᠶᠢ ᠨᠠᠶᠢᠳᠠᠪᠤᠷᠢᠵᠢᠭᠤᠯᠬᠤ ᠠᠵᠢᠯᠯᠠᠭ᠎ᠠ ᠵᠢᠴᠢ ᠬᠢᠩᠭᠠᠨ ᠠᠶᠢᠮᠠᠭ ᠤᠨ ︽ᠬᠤᠶᠠᠷ ᠢ ᠵᠣᠭᠰᠣᠭᠠᠵᠤ ᠨᠢᠭᠡ ᠶᠢ ᠰᠤᠯᠠ ᠪᠠᠶᠢᠯᠭᠠᠪᠠᠯ ᠶᠡᠭᠡ ᠪᠠᠷ ᠡᠬᠢᠯᠡᠯᠲᠡ ᠲᠠᠢ ᠪᠠᠶᠢᠬᠤ︾ ᠠᠵᠢᠯᠯᠠᠭ᠎ᠠ᠂ ᠣᠶ ᠰᠢᠭᠤᠢ ᠡᠪᠡᠰᠦ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠳᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠵᠢᠭᠠᠵᠦ ᠭᠠᠷᠭᠠᠭᠰᠠᠨ ᠨᠢ᠂ ︽ᠲᠠᠪᠤᠨ ᠶᠡᠭᠡ ᠡᠬᠢᠯᠡᠯᠲᠡ︾ ᠶᠢᠨ ᠠᠵᠢᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠷ᠎ᠡ ᠠᠴᠠ ᠳᠣᠷᠣᠭᠰᠢ ᠪᠠᠨ ᠠᠬᠢᠭᠤᠯᠬᠤ ᠴᠢᠬᠤᠯᠠ ᠠᠵᠢᠯ ᠪᠣᠯᠣᠨ᠎ᠠ᠂ ᠪᠦᠬᠦ ᠰᠢᠶᠠᠨ ᠢᠶᠠᠷ ᠢᠶᠠᠨ ︽ᠲᠠᠪᠤᠨ ᠶᠡᠭᠡ ᠡᠬᠢᠯᠡᠯᠲᠡ︾ ᠪᠣᠯ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠬᠦᠴᠦᠲᠡᠢ ᠭᠠᠷᠳᠠᠴᠠ ᠮᠥᠨ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠤᠷᠢ ᠪᠠᠲᠤᠯᠠᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠣᠭᠰᠣᠴᠠ ᠪᠠᠨ ︽ᠥᠨᠳᠥᠷ︾ ᠪᠠᠶᠢᠯᠭᠠᠵᠤ᠂ ᠬᠥᠳᠡᠯᠦᠯ ᠢᠶᠠᠨ ︽ᠲᠦᠷᠭᠡᠨ︾ ᠪᠠᠶᠢᠯᠭᠠᠵᠤ᠂ ︽ᠲᠠᠪᠤᠨ ᠶᠡᠭᠡ ᠡᠬᠢᠯᠡᠯᠲᠡ ᠲᠠᠢ ᠪᠣᠯᠭᠠᠬᠤ︾ ᠠᠵᠢᠯ ᠢ ᠣᠳᠣᠬᠠᠨ ᠤ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠨ ᠰᠠᠶᠢᠲᠤᠷ ᠠᠳᠬᠤᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠪᠡ᠃   ᠬᠤᠷᠠᠯ ᠠᠴᠠ ᠴᠢᠬᠤᠯᠠᠴᠢᠯᠠᠭᠰᠠᠨ ᠨᠢ᠂ ︽ᠲᠠᠪᠤᠨ ᠶᠡᠭᠡ ᠡᠬᠢᠯᠡᠯᠲᠡ︾ ᠶᠢ ᠵᠢᠭᠰᠠᠭᠠᠨ ᠪᠠᠶᠢᠴᠠᠭᠠᠬᠤ ᠶᠠᠪᠤᠴᠠ ᠳᠤ᠂ ᠲᠤᠭ᠎ᠠ ᠪᠠᠷᠢᠮᠲᠠ ᠶᠢ ︽ᠣᠨᠣᠪᠴᠢᠲᠠᠢ︾ ᠪᠠᠶᠢᠯᠭᠠᠵᠤ᠂ ᠠᠷᠭ᠎ᠠ ᠬᠡᠮᠵᠢᠶ᠎ᠡ ᠶᠢ ︽ᠪᠣᠳᠠᠲᠠᠢ︾ ᠪᠠᠶᠢᠯᠭᠠᠵᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢᠨ ᠦᠨᠡᠨ ᠪᠣᠳᠠᠲᠤ ᠴᠢᠨᠠᠷ ᠪᠣᠯᠣᠨ ᠣᠨᠣᠪᠴᠢᠲᠤ ᠴᠢᠨᠠᠷ ᠢ ᠪᠠᠲᠤᠯᠠᠵᠤ᠂ ︽ᠶᠡᠭᠡ ᠡᠬᠢᠯᠡᠯᠲᠡ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠠᠵᠢᠯ ᠢ ᠠᠬᠢᠭᠤᠯᠬᠤ ᠶᠠᠪᠤᠴᠠ ᠳᠤ ᠴᠠᠭ ᠲᠤᠬᠠᠢ ᠳᠤᠨᠢ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠲᠤᠭ᠎ᠠ ᠪᠠᠷᠢᠮᠲᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠤᠳᠤᠯᠵᠤ᠂ ᠲᠤᠭ᠎ᠠ ᠪᠠᠷᠢᠮᠲᠠ ᠶᠢᠨ ᠣᠨᠣᠪᠴᠢᠲᠠᠶ᠂ ᠠᠷᠭ᠎ᠠ ᠬᠡᠮᠵᠢᠶ᠎ᠡ ᠶᠢᠨ ᠬᠦᠴᠦᠲᠡᠢ ᠪᠠᠶᠢᠬᠤ ᠶᠢ ᠪᠠᠲᠤᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢ ︽ᠲᠣᠳᠣᠷᠬᠠᠶᠢᠯᠠᠬᠤ︾᠂ ᠰᠢᠪᠠᠳᠠᠨ ᠰᠢᠢᠳᠪᠦᠷᠢᠯᠡᠭᠦᠯᠬᠦ ᠶᠢ ︽ᠴᠢᠩᠳᠠᠯᠠᠬᠤ︾ ᠶᠢ ᠪᠡᠶᠡᠯᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠳᠠᠷᠤᠯᠲᠠ ᠥᠭᠴᠦ᠂ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠢᠨᠠᠯᠲᠠ ᠪᠠᠶᠢᠴᠠᠭᠠᠯᠲᠠ ᠶᠢ ᠰᠠᠶᠢᠲᠤᠷ ᠬᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠬᠡᠷᠡᠭᠲᠡᠢ ᠭᠡᠪᠡ᠃    ᠬᠤᠷᠠᠯ ᠠᠴᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠯᠣᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠪᠠ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠰᠦᠯᠵᠢᠶ᠎ᠡ ᠶᠢ ᠴᠡᠪᠡᠷᠯᠡᠬᠦ ᠠᠵᠢᠯᠯᠠᠭ᠎ᠠ︾ ᠶᠢ ᠪᠦᠬᠦ ᠲᠠᠯ᠎ᠠ ᠪᠠᠷ ᠰᠠᠶᠢᠲᠤᠷ ᠥᠷᠨᠢᠭᠦᠯᠵᠦ᠂ ᠪᠦᠬᠦ ᠰᠢᠶᠠᠨ ᠤ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠡᠵᠡᠮᠳᠡᠬᠦ ᠶᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ᠂ ᠦᠢᠯᠡᠴᠢᠯᠡᠭᠡ ᠶᠢ ᠪᠠᠲᠤᠯᠠᠬᠤ ᠪᠠ ᠤᠬᠠᠭᠤᠯᠤᠨ ᠲᠤᠤᠱᠯᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ  
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号