ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠺᠠᠳ᠋ᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/28
   9 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ  ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠥᠬᠦ  ᠬᠤᠰᠢᠭᠤᠨ ᠤ ᠺᠠᠳ᠋ᠷᠴᠤᠳ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠸ  ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ  ᠤ  ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ  ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠭᠠᠩ᠂ ᠬᠤᠰᠢᠭᠤᠨ ᠤ  ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ  ᠡᠷᠬᠢᠯᠡᠭᠴᠢ ᠵᠠᠩ ᠰᠢᠦᠢ ᠳ᠋ᠦᠩ ᠬᠤᠷᠠᠯ ᠳᠤ ᠣᠷᠣᠯᠴᠠᠵᠠᠢ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ  ᠪᠦᠬᠦᠢ ᠤᠳᠤᠷᠢᠳᠤᠯᠭ᠎ᠠ᠂ ᠬᠤᠰᠢᠭᠤᠨ ᠤ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ᠂ ᠰᠤᠮᠤ ᠰᠢᠶᠠᠩ ᠪᠠᠯᠭᠠᠰᠤ ᠶᠢᠨ  ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ ᠰᠦᠨ ᠱᠤ᠋ ᠲᠤᠤ ᠬᠡᠯᠡᠭᠰᠡᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ  ᠳᠣᠯᠣᠳᠤᠭᠠᠷ ᠬᠤᠭᠤᠴᠠᠭᠠᠨ ᠤ ᠪᠣᠯᠪᠠᠰᠤᠨ ᠬᠤᠲᠠ   ᠶᠢ ᠡᠭᠦᠳᠦᠨ ᠪᠠᠶᠢᠭᠤᠯᠬᠤ ᠠᠵᠢᠯ   ᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠨ ᠦᠵᠡᠵᠦ᠂ ᠴᠡᠭᠴᠡᠯᠡᠨ ᠵᠠᠰᠠᠬᠤ ᠠᠵᠢᠯ   ᠢ ᠠᠳᠬᠤᠵᠤ᠂ ᠰᠠᠭᠤᠷᠢ   ᠶᠢ ᠠᠳᠬᠤᠵᠤ᠂ ᠦᠨᠳᠦᠰᠦᠨ  ᠵᠦᠢᠯ   ᠢ ᠠᠳᠬᠤᠵᠤ᠂ ᠤᠳᠤᠷᠢᠳᠤᠮᠵᠢ   ᠶᠢ ᠠᠳᠬᠤᠬᠤ ᠬᠡᠷᠡᠭᠲᠡᠢ᠂ ᠪᠥᠬᠦ ᠬᠤᠰᠢᠭᠤᠨ ᠤ ᠳᠡᠭᠡᠳᠦ ᠳᠣᠣᠷᠠᠳᠤ  ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠢᠯ‌ᠡᠷᠦᠬᠡ ᠶᠢᠨ  ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ  ᠭᠦᠢᠴᠡᠳ ᠲᠠᠨᠢᠵᠤ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠭᠠᠵᠠᠷ ᠣᠷᠣᠨ ᠤ ᠪᠠᠶᠢᠳᠠᠯ   ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠵᠠᠭᠪᠤᠷ ᠤᠨ ᠰᠢᠨ᠎ᠡ ᠶᠢ  ᠡᠭᠦᠳᠴᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠠᠮᠵᠢᠨ ᠠᠳᠬᠤᠵᠤ᠂ ᠬᠠᠷᠢᠭᠤᠴᠠᠯᠭ᠎ᠠ  ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ︽ᠵᠢᠵᠢᠭ ᠵᠣᠷᠯᠣᠩ᠂ ᠠᠷᠠᠳ ᠤᠨ ᠠᠮᠢᠳᠤᠷᠠᠯ︾ ᠤᠨ  ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠤᠨ ᠬᠦᠴᠢᠷ  ᠠᠰᠠᠭᠤᠳᠠᠯ ᠢ ᠭᠦᠨᠵᠡᠭᠡᠢ ᠣᠶᠢᠯᠠᠭᠠᠨ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠢ  ᠰᠠᠶᠢᠵᠢᠷᠠᠭᠤᠯᠤᠨ᠎ᠠ᠃ ᠪᠥᠬᠦ ᠺᠠᠳ᠋ᠷᠴᠤᠳ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠵᠢᠭᠰᠠᠭᠠᠨ  ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠬᠢᠵᠦ᠂ ᠰᠠᠶᠢᠨ  ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠦᠨᠡᠨ ᠬᠦ ᠪᠣᠳᠠᠲᠠᠢ ᠪᠠᠷ ᠬᠢᠵᠦ᠂ ᠠᠶᠢᠯ  ᠡᠷᠦᠬᠡ ᠶᠢᠨ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶᠢᠷᠡᠭᠦᠯᠦᠨ  ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃         ᠬᠤᠷᠠᠯ ᠳᠡᠭᠡᠷ᠎ᠡ᠂ ᠸᠠᠩ ᠯᠢ ᠳ᠋ᠦᠩ᠂ ᠯᠢᠦ ᠭᠠᠩ ᠣᠳᠣᠬᠠᠨ ᠤ ᠭᠤᠣᠯᠳᠠᠯᠭ᠎ᠠ ᠲᠠᠢ ᠠᠵᠢᠯ ᠤᠳ ᠢ  ᠲᠣᠬᠢᠷᠠᠭᠤᠯᠤᠨ ᠪᠠᠶᠢᠷᠢᠯᠠᠭᠤᠯᠪᠠ᠃          
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号