ᠨᠠᠰᠤᠲᠠᠶᠢᠴᠤᠳ ᠢ ᠮᠡᠭᠡᠯᠡᠬᠦ ᠠᠵᠢᠯᠯᠠᠭ᠎ᠠ ᠶᠢ ᠰᠡᠷᠭᠡᠶᠢᠯᠡᠵᠤ᠂ ᠨᠠᠰᠤᠲᠠᠶᠢᠴᠤᠳ ᠤᠨ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠶᠢᠨ ᠲᠥᠯᠥᠭᠡ᠂ 9 ᠰᠠᠷ᠎ᠠ ᠶᠢᠨ 14 ᠤ ᠡᠳᠦᠷ᠂ ᠷᠠᠰᠢᠶᠠᠨ | ᠬᠤᠳᠠ ᠶᠢᠨ ᠦ᠋ ᠴᠠ ᠭᠸᠤ ᠪᠠᠯᠭᠠᠰᠤ ︽ᠨᠠᠰᠤᠵᠢᠯ ᠤᠨ ᠠᠰᠠᠷᠡᠮᠵᠢ ᠶᠢᠨ ᠮᠦᠩᠬᠦ ᠶᠢᠨ ᠮᠡᠬᠡᠯᠡᠯ ᠠᠴᠠ ᠵᠠᠶᠢᠯᠠᠵᠤ ᠵᠣᠯ | ᠵᠢᠷᠭᠠᠯᠲᠤ ᠠᠮᠢᠳᠤᠷᠠᠯ ᠢᠶᠠᠨ ᠬᠠᠮᠠᠭᠠᠯᠠᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠵᠠᠢ᠃ | ᠲᠠᠶᠢᠯᠤᠮᠵᠢ ᠶᠢᠨ ᠲᠤᠬᠠᠶ ᠶᠢᠨ ᠲᠠᠯᠠᠪᠤᠷ ᠲᠤ᠂ ᠫᠢᠩ ᠠᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠤᠨ | ᠠᠵᠢᠯᠲᠠᠨ ᠲᠤᠬᠠᠶ ᠶᠢᠨ ᠲᠠᠯᠠᠪᠤᠷ ᠲᠤ ᠪᠠᠶᠢᠭ᠎ᠠ ᠨᠠᠰᠤᠲᠠᠶᠢᠴᠤᠳ ᠲᠤ ᠨᠠᠰᠤᠵᠢᠯ ᠤᠨ ᠠᠰᠠᠷᠡᠮᠵᠢ ᠶᠢᠨ ᠮᠦᠩᠬᠦ ᠶᠢᠨ | ᠮᠡᠬᠡᠯᠡᠯ ᠢ ᠰᠡᠷᠭᠡᠶᠢᠯᠡᠬᠦ ᠵᠦᠭᠯᠡᠭᠦᠷ ᠲᠠᠷᠬᠠᠭᠠᠵᠤ᠂ ᠪᠣᠳᠠᠲᠠᠶ ᠵᠢᠱᠢᠶ᠎ᠡ ᠪᠠᠷ ᠡᠷᠡᠭᠦᠯᠵᠢᠯ ᠤᠨ ᠡᠳ᠋᠂ ᠱᠠᠩᠨᠠᠯ ᠤᠯᠭᠤᠬᠤ | ᠵᠡᠷᠭᠡ ᠪᠠᠶᠢᠩᠭᠤ ᠲᠣᠬᠢᠶᠠᠯᠳᠤᠬᠤ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠮᠡᠬᠡᠯᠡᠯ ᠤᠨ ᠠᠷᠭ᠎ᠠ ᠪᠠᠷᠢᠯ ᠢ ᠳᠥᠭᠦᠮ | ᠣᠶᠢᠯᠠᠭᠠᠮᠵᠢᠲᠠᠶ ᠦᠭᠡ ᠬᠡᠯᠡ ᠪᠠᠷ ᠨᠠᠷᠢᠨ ᠲᠠᠶᠢᠯᠪᠤᠷᠢᠯᠠᠪᠠ᠃ ᠡᠭᠦᠨ ᠤ ᠬᠠᠮᠲᠤ ᠡᠮᠡᠭᠲᠡᠶᠢᠴᠦᠳ ᠤᠨ ᠳᠤᠮᠳᠠ ᠣᠯᠠᠨ | ᠭᠠᠷᠬᠤ ᠪᠠᠷᠠᠭ᠎ᠠ ᠬᠤᠳᠡᠯᠳᠣᠨ ᠠᠪᠬᠤ ᠲᠡᠮᠳᠡᠭᠯᠡᠯ ᠢ ᠵᠣᠬᠢᠶᠠᠬᠤ ᠮᠡᠬᠡᠯᠡᠯ ᠪᠠ ᠮᠠᠨ ᠤ ᠪᠠᠯᠭᠠᠰᠤᠨ ᠤ ᠪᠣᠳᠠᠲᠠᠶ | ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠪᠠᠷᠠᠭ᠎ᠠ ᠬᠤᠳᠡᠯᠳᠣᠨ ᠠᠪᠬᠤ ᠲᠡᠮᠳᠡᠭᠯᠡᠯ ᠤᠨ ᠮᠡᠬᠡᠯᠡᠯ ᠤᠨ ᠠᠷᠭ᠎ᠠ ᠶᠢ | ᠲᠠᠶᠢᠯᠪᠤᠷᠢᠯᠠᠨ᠂ ᠮᠡᠬᠡᠯᠡᠭᠴᠢ ᠶᠢᠨ ᠵᠣᠭᠤᠰ ᠪᠤᠴᠠᠭᠠᠬᠤ ᠠᠮᠠᠯᠠᠯᠲᠠ ᠶᠢ ᠶᠠᠭᠠᠬᠢᠭᠰᠠᠨ ᠴᠤ ᠢᠳᠡᠭᠡᠵᠣ ᠪᠣᠯᠬᠤ ᠦᠭᠡᠢ᠂ | ᠵᠣᠭᠤᠭᠳᠠᠭᠰᠠᠨ ᠲᠡᠮᠳᠡᠭᠯᠡᠯ ᠪᠠ ᠳᠠᠩᠰᠠ ᠰᠢᠯᠵᠢᠭᠦᠯᠦᠭᠰᠡᠨ ᠲᠡᠮᠳᠡᠭᠯᠡᠯ ᠢᠶᠠᠨ ᠴᠠᠭ ᠲᠤᠬᠠᠢ ᠳᠤᠨᠢ ᠬᠠᠳᠠᠭᠠᠯᠠᠵᠤ᠂ | ᠨᠦᠭᠦᠭᠡ ᠡᠲᠡᠭᠡᠳ ᠤᠨ ᠢᠶᠠᠨ ᠰᠤᠷᠠᠭ ᠵᠠᠩᠭᠢ ᠪᠠ ᠮᠡᠬᠡᠯᠡᠭᠰᠡᠨ ᠭᠡᠷᠡᠴᠢ ᠪᠠᠷᠢᠮᠲᠠ ᠶᠢ ᠡᠵᠡᠮᠰᠢᠨ᠂ ᠴᠠᠭ ᠲᠤᠬᠠᠢ ᠳᠤᠨᠢ | 96110 ᠳᠤ ᠤᠲᠠᠰᠤᠳᠠᠵᠤ ᠬᠡᠷᠡᠭ ᠮᠡᠳᠡᠭᠦᠯᠬᠦ ᠬᠡᠷᠡᠭᠲᠡᠢ ᠭᠡᠵᠤ ᠰᠠᠨᠠᠭᠤᠯᠵᠠᠢ᠃ ᠲᠣᠰ ᠤᠳᠠᠭᠠᠨ ᠤ ᠲᠤᠰᠬᠠᠶ | ᠰᠡᠳᠦᠪᠲᠦ ᠲᠠᠶᠢᠯᠤᠮᠵᠢ ᠶᠢ ᠥᠷᠨᠢᠭᠦᠯᠬᠦ ᠪᠠᠷ ᠳᠠᠮᠵᠢᠨ᠂ ᠮᠠᠨ ᠤ ᠪᠠᠯᠭᠠᠰᠤᠨ ᠤ ᠨᠠᠰᠤᠲᠠᠶᠢᠴᠤᠳ ᠤᠨ ᠮᠡᠬᠡᠯᠡᠯ ᠢ | ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠥᠷᠭᠡᠨ ᠣᠯᠠᠨ ᠠᠷᠡᠳ ᠲᠦᠮᠡᠨ ᠤ | ᠨᠠᠰᠤᠵᠢᠯ ᠤᠨ ᠠᠰᠠᠷᠡᠮᠵᠢ ᠶᠢᠨ ᠮᠦᠩᠬᠦ ᠶᠢᠨ ᠮᠡᠬᠡᠯᠡᠯ ᠢ ᠰᠡᠷᠭᠡᠶᠢᠯᠡᠬᠦ᠂ ᠮᠡᠬᠡᠯᠡᠯ ᠢ ᠲᠠᠨᠢᠬᠤ᠂ ᠮᠡᠬᠡᠯᠡᠯ ᠢ ᠡᠰᠡᠷᠭᠦᠴᠡᠬᠦ | ︽ᠬᠠᠮᠠᠭᠠᠯᠠᠯᠲᠠ ᠶᠢᠨ ᠲᠣᠤᠷ︾ ᠢ ᠤᠯᠠᠮ ᠨᠢᠭᠡ ᠠᠯᠬᠤᠮ ᠪᠠᠬᠢᠵᠢᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ | ᠪᠠᠯᠭᠠᠰᠤᠨ ᠤ ᠬᠢᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠮᠡᠬᠡᠯᠡᠨ ᠬᠢᠬᠠᠬᠤ ᠠᠵᠢᠯᠯᠠᠭ᠎ᠠ ᠶᠢ ᠰᠡᠷᠭᠡᠶᠢᠯᠡᠬᠦ | ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠢᠯᠠᠩᠭᠤᠶ᠎ᠠ ᠢᠳᠡᠷ ᠥᠲᠡᠯᠦᠭᠡ ᠨᠠᠰᠤᠨ ᠤ | ᠬᠦᠮᠤᠰ ᠢ ᠥᠷᠭᠡᠨ ᠢᠶᠠᠷ ᠳᠠᠶᠢᠴᠢᠯᠠᠵᠤ ᠪᠦᠲᠦᠮᠵᠢᠲᠡᠶ ᠰᠡᠷᠭᠡᠶᠢᠯᠡᠨ᠂ ᠨᠠᠰᠤᠲᠠᠶᠢᠴᠤᠳ ᠤᠨ ︽ᠨᠠᠰᠤᠵᠢᠯ ᠤᠨ | ᠠᠰᠠᠷᠠᠮᠵᠢ ᠶᠢᠨ ᠮᠥᠩᠭᠦ︾ ᠪᠠ ︽ᠴᠢᠰᠤ ᠬᠥᠯᠥᠰᠥᠨ ᠤ ᠮᠥᠩᠭᠦ︾ ᠶᠢ ᠪᠠᠲᠤ ᠬᠠᠮᠠᠭᠠᠯᠠᠨ᠎ᠠ᠃ | |