ᠠᠵᠢᠯᠲᠠᠳ ᠤᠨ ᠢᠯᠡᠭᠦᠬᠡᠨ ᠨᠣᠮ ᠤᠩᠰᠢᠬᠤ᠂ ᠰᠠᠶᠢᠨ ᠨᠣᠮ ᠤᠩᠰᠢᠬᠤ ᠶᠢ ᠵᠣᠷᠢᠭᠵᠢᠭᠤᠯᠬᠤ ᠪᠠ ᠬᠦᠳᠦᠯᠦᠨ | ᠵᠢᠯᠣᠭᠤᠳᠴᠤ᠂ ᠪᠦᠬᠦ ᠪᠠᠯᠭᠠᠰᠤᠨ ᠤ ᠺᠠᠳ᠋ᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠦᠪᠰᠢᠨ ᠪᠣᠯᠤᠨ | ᠤᠨᠤᠯ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ 9 ᠰᠠᠷ᠎ᠠ ᠶᠢᠨ 26 ᠤ ᠡᠳᠦᠷ᠂ ᠭᠤᠤᠯ ᠤᠨ | ᠪᠠᠶᠢᠰᠢᠩ ᠪᠠᠯᠭᠠᠰᠤᠨ ᠤ ᠬᠢᠨ ︽ᠰᠣᠩᠭᠤᠳᠠᠭ ᠵᠣᠬᠢᠶᠠᠯ ᠢ ᠤᠩᠰᠢᠵᠤ ᠦᠨᠡᠨᠴᠢ ᠰᠢᠳᠤᠷᠭᠤ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ︾ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ︽ᠭᠤᠤᠯ ᠨᠣᠮ ᠤᠨ ᠥᠷᠥᠭᠡ︾ | ᠶᠢᠨ ᠦᠶ᠋ᠯᠡᠳᠦᠯ ᠢ ᠭᠦᠢᠴᠡᠳ ᠪᠠᠳᠠᠷᠠᠭᠤᠯᠤᠨ᠂ ᠲᠡᠳᠡᠨ ᠢ ᠺᠠᠳ᠋ᠷ ᠣᠯᠠᠨ ᠲᠦᠮᠡᠨ ᠳᠤ ᠦᠢᠯᠡᠴᠢᠯᠡᠬᠦ᠂ | ᠮᠡᠳᠡᠯᠭᠡ ᠪᠠᠨ ᠥᠷᠭᠡᠳᠬᠡᠬᠦ ᠴᠢᠬᠤᠯᠠ ᠵᠢᠭᠰᠠᠭᠠᠯ ᠤᠨ ᠭᠠᠵᠠᠷ ᠪᠣᠯᠭᠠᠵᠠᠶ᠃ | ᠠᠵᠢᠯᠯᠠᠭᠠᠨ ᠤ ᠳᠤᠮᠳᠠ᠂ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠩᠰᠢᠬᠤ ᠪᠢᠴᠢᠭ ᠢ | ᠤᠩᠰᠢᠬᠤ ᠪᠠᠷ ᠳᠡᠮᠵᠢᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠨᠤᠯ ᠤᠨ ᠲᠦᠪᠰᠢᠨ ᠢ ᠴᠢᠨᠠᠭᠰᠢᠳᠠ | ᠳᠡᠭᠡᠭᠰᠢᠯᠡᠭᠦᠯᠵᠦ᠂ ᠺᠠᠳ᠋ᠷ ᠠᠵᠢᠯᠳᠠᠨ ᠠᠵᠢᠯᠴᠢᠨ ᠤ ᠰᠤᠷᠤᠯᠴᠠᠬᠤ ᠪᠠᠷ ᠪᠡᠶ᠎ᠡ ᠪᠠᠨ ᠵᠠᠰᠠᠬᠤ᠂ ᠰᠤᠷᠤᠯᠴᠠᠬᠤ ᠪᠠᠷ | ᠶᠣᠰᠣ ᠰᠤᠷᠲᠠᠬᠤᠨ ᠢ ᠪᠤᠢ ᠪᠣᠯᠭᠠᠬᠤ᠂ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ | ᠰᠤᠷᠤᠯᠴᠠᠬᠤ ᠪᠠᠷ ᠳᠠᠮᠵᠢᠨ ᠬᠡᠷᠡᠭᠯᠡᠬᠦ ᠶᠢ ᠬᠦᠳᠦᠯᠦᠨ ᠳᠠᠭᠠᠭᠤᠯᠵᠤ᠂ ᠤᠯᠤᠰ ᠲᠦᠷᠦ ᠶᠢᠨ ᠬᠡᠪ ᠴᠢᠨᠠᠷ ᠪᠣᠯᠤᠨ | ᠠᠵᠢᠯ ᠤᠨ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠡᠶᠡᠯᠡᠭᠦᠯᠬᠦ ᠵᠢᠴᠢ ᠭᠤᠤᠯ ᠤᠨ ᠪᠠᠶᠢᠰᠢᠩ ᠪᠠᠯᠭᠠᠰᠤ ᠶᠢᠨ ᠡᠯ᠎ᠡ ᠵᠦᠢᠯ ᠤᠨ | ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠲᠣᠰ | ᠤᠳᠠᠭᠠᠨ ᠤ ᠤᠩᠰᠢᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠤ | ᠦᠨᠳᠦᠰᠦᠨ ᠱᠠᠲᠤᠨ ᠳᠤ ᠦᠢᠯᠡᠴᠢᠯᠡᠬᠦ ᠤᠬᠠᠮᠰᠠᠷ ᠪᠠ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠺᠠᠳ᠋ᠷ ᠠᠵᠢᠯᠲᠠᠨ | ᠠᠵᠢᠯᠴᠢᠨ ᠤ ᠬᠤᠭᠤᠷᠣᠨᠳᠣᠬᠢ ᠰᠣᠯᠢᠯᠴᠠᠭ᠎ᠠ ᠪᠠ ᠰᠤᠷᠤᠯᠴᠠᠯᠭ᠎ᠠ ᠶᠢ ᠠᠬᠢᠭᠤᠯᠤᠨ᠂ ᠡᠳᠦᠷ ᠲᠤᠲᠤᠮ ᠤᠨ | ᠠᠵᠢᠯ ᠤᠨ ᠳᠠᠷᠤᠭᠠᠰᠤ ᠶᠢ ᠬᠥᠩᠭᠡᠷᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠭᠤᠤᠯ ᠤᠨ ᠪᠠᠶᠢᠰᠢᠩ | ᠪᠠᠯᠭᠠᠰᠤᠨ ᠤ ︽ᠭᠤᠤᠯ ᠨᠣᠮ ᠤᠨ ᠥᠷᠥᠭᠡ︾ ᠨᠢ ᠠᠳᠠᠯᠢ ᠪᠤᠰᠤ ᠲᠠᠰ ᠳᠠᠪᠬᠤᠷᠭ᠎ᠠ ᠶᠢᠨ ᠤᠩᠰᠢᠭᠴᠢᠳ ᠤᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠨᠣᠮ ᠪᠢᠴᠢᠭ ᠤᠨ ᠲᠣᠬᠢᠷᠠᠭᠤᠯᠤᠯᠲᠠ ᠶᠢ ᠨᠡᠮᠡᠭᠳᠡᠭᠦᠯᠬᠦ ᠶᠢᠨ ᠬᠠᠮᠲᠤ | ᠠᠯᠢ ᠣᠯᠠᠨ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠨᠣᠮ ᠢᠯᠡᠭᠦᠤ ᠤᠩᠰᠢᠬᠤ᠂ ᠰᠠᠶᠢᠨ ᠨᠣᠮ ᠢᠯᠡᠭᠦᠤ | ᠤᠩᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠨ᠎ᠠ᠃ | |