ᠪᠠᠶᠠᠠᠭᠤᠤᠯ ᠪᠠᠯᠭᠠᠰᠥᠨ ᠤ ᠪᠠᠶᠠᠠᠵᠢᠷᠥᠭᠡ ᠳᠤᠰᠬᠤᠨ ᠤ ᠬᠦᠭᠵᠢᠯᠳᠡ ᠬᠤᠪᠢᠷᠠᠯᠳᠠ
ᠨᠡᠶᠢᠲᠡᠯᠡᠭᠰᠡᠨ ᠴᠠᠭ᠄
2022/9/28
    ᠦᠤᠷ ᠤᠨ ᠭᠡᠭᠡ ᠴᠠᠶᠢᠷᠠᠵᠤ ᠡᠳᠦᠷ ᠤᠨ ᠠᠵᠢᠯ ᠡᠬᠢᠯᠡᠬᠦ ᠪᠠᠷ᠂ ᠮᠠᠯᠴᠢᠨ ᠲᠠᠢ ᠰᠢᠶᠥᠥ ᠫᠢᠩ ᠤᠨ ᠭᠡᠷ ᠪᠦᠯᠢ ᠶᠢᠨ ᠮᠠᠯᠵᠢᠯ ᠤᠨ ᠳᠠᠯᠠᠪᠠᠢ ᠠᠴᠠ ᠬᠤᠨᠢᠳ ᠤᠨ ᠮᠠᠶᠢᠯᠠᠯᠳᠤᠬᠤ ᠳᠠᠭᠤᠨ᠂ ᠮᠠᠰᠢᠨ ᠳᠤᠨᠤᠭᠯᠠᠯ ᠤᠨ ᠬᠦᠡᠭᠬᠢᠨᠡᠬᠦ ᠳᠠᠭᠤᠨ ᠳᠤᠭᠤᠯᠳᠠᠵᠤ᠂ ᠪᠠᠶᠠᠵᠢᠯᠳᠤ ᠨᠤᠳᠤᠭ ᠤᠨ ᠠᠷᠠᠳ ᠤᠯᠠᠨ ᠤ ᠪᠠᠶᠠᠰᠤᠯᠳᠤ ᠠᠮᠢᠳᠤᠷᠠᠯ ᠤᠨ ᠬᠦᠭ ᠠᠶᠢᠵᠠᠮ ᠢ ᠴᠢᠪᠬᠠᠳᠠᠨ᠎ᠠ ᠁    ᠤᠶᠢᠷ᠎ᠠ ᠶᠢᠨ ᠵᠢᠯ ᠳᠤ᠂ ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠤᠨ ᠤ ᠪᠠᠶᠠᠠᠵᠢᠷᠥᠭᠡ ᠳᠤᠰᠬᠤᠨ ᠠᠮᠢ ᠠᠬᠤᠢ ᠶᠢ ᠤᠷᠢᠳᠠᠪᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠵᠤ᠂ ᠲᠠᠸᠠᠷ ᠤᠨ ᠲᠦᠷᠥᠯ ᠳᠡᠮᠳᠡᠭ ᠢ ᠡᠬᠦᠳᠬᠦ᠂ ᠠᠵᠤ ᠥᠢᠯᠡᠰ ᠢ ᠶᠡᠭᠡ ᠪᠠᠷ ᠬᠦᠭᠵᠢᠬᠦᠯᠬᠦ᠂ ᠴᠢᠳᠠᠪᠤᠷᠢᠳᠠᠨ ᠢᠶᠠᠷ ᠤᠷᠤᠨ ᠨᠤᠳᠤᠭ ᠤᠨ ᠬᠦᠭᠵᠢᠯᠳᠡ ᠶᠢ ᠳᠠᠶᠢᠴᠢᠯᠠᠬᠤ᠂ ᠬᠠᠮᠳᠥ ᠶᠢᠨ ᠠᠵᠤ ᠠᠬᠤᠢ ᠶᠢ ᠬᠦᠭᠵᠢᠬᠦᠯᠬᠦ ᠵᠡᠷᠭᠡ ᠠᠷᠭ᠎ᠠ ᠬᠡᠯᠪᠡᠷᠢ ᠪᠠᠷ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢ ᠪᠦᠬᠦ ᠬᠦᠴᠥᠨ ᠢᠶᠠᠷ ᠢᠶᠠᠨ ᠠᠬᠢᠭᠤᠯᠵᠤ᠂ ᠠᠷᠠᠳ ᠤᠯᠠᠨ ᠤ ᠵᠤᠯ ᠵᠢᠷᠭᠠᠯᠳᠥ ᠲᠦᠷᠥᠭᠳᠡᠯ᠂ ᠬᠠᠨᠤᠮᠵᠢ ᠶᠢᠨ ᠲᠦᠷᠥᠭᠳᠡᠯ ᠢ ᠳᠠᠰᠤᠷᠠᠯᠳᠠ ᠦᠬᠡᠢ ᠳᠡᠭᠡᠭᠰᠢᠯᠡᠬᠦᠯᠤᠨ᠂ ᠮᠠᠯᠴᠢᠨ ᠳᠠᠷᠢᠶᠠᠴᠢᠳ ᠤᠨ ᠪᠠᠶᠠᠵᠢᠯ ᠤᠨ ᠵᠠᠮ ᠢ ᠶᠠᠪᠤᠬᠤ ᠳᠤᠳᠤᠮ ᠰᠠᠷᠠᠭᠤᠯᠵᠢᠭᠤᠯᠵᠤ ᠪᠤᠢ᠃    ︽ᠦᠡᠭᠭᠡᠷᠡᠭᠰᠡᠨ ᠳᠤ᠂ ᠪᠢᠳᠡ ᠠᠳᠤᠭᠤ ᠮᠠᠯ ᠢᠶᠠᠨ ᠳᠠᠷᠤᠭᠤᠯ ᠬᠤᠳᠳᠤᠭ ᠢᠶᠠᠷ ᠤᠰᠤᠯᠠᠵᠤ᠂ ᠳᠠᠷᠢᠶ᠎ᠠ ᠲᠦᠮᠦᠰᠦ ᠪᠠᠨ ᠬᠦᠮᠤᠨ ᠤ ᠬᠦᠴᠥ ᠪᠠᠷ ᠳᠠᠷᠢᠵᠤ ᠠᠷᠠᠴᠢᠯᠠᠵᠤ ᠪᠠᠶᠢᠭᠰᠠᠨ ᠢᠶᠠᠨ ᠤᠳᠥ ᠰᠢᠨᠵᠢᠯᠡᠬᠦ ᠤᠬᠠᠭᠠᠨᠴᠢ ᠪᠠᠷ ᠳᠡᠵᠢᠭᠡᠵᠤ ᠦᠷᠡᠵᠢᠬᠦᠯᠬᠦ ᠪᠤᠯᠤᠭᠰᠠᠨ ᠪᠦᠭᠡᠳ ᠳᠠᠷᠢᠵᠤ ᠠᠷᠠᠴᠢᠯᠠᠬᠤ ᠳᠤ ᠴᠤ ᠮᠠᠰᠢᠨ ᠮᠧᠬᠠᠨᠢᠭ ᠢ ᠬᠡᠷᠡᠭᠯᠡᠵᠤ᠂ ᠶᠠᠰᠥ ᠴᠢᠨᠠᠷ ᠢ ᠪᠠᠳᠤᠯᠠᠨ ᠤᠨᠠᠯᠳᠠ ᠶᠢ ᠨᠡᠮᠡᠭᠳᠡᠬᠦᠯᠵᠤ᠂ ᠮᠠᠯᠴᠢᠨ ᠳᠠᠷᠢᠶᠠᠴᠢᠳ ᠤᠨ ᠠᠮᠢᠳᠤᠷᠠᠯ ᠡᠳᠥᠷ ᠠᠴᠠ ᠡᠳᠥᠷ ᠦᠭᠡᠳᠡᠯᠡᠨ ᠴᠢᠨᠡᠬᠡᠯᠢᠭᠵᠢᠵᠤ ᠪᠤᠢ᠃ ᠤᠨᠴᠠᠭᠠᠶᠢᠯᠠᠨ ᠮᠠᠨ ᠤ ᠭᠠᠴᠠᠭᠠᠨ ᠤ ᠠᠷᠪᠠᠨ ᠵᠢᠯ ᠤᠨ ᠳᠤᠷᠰᠢᠬᠢ ᠬᠦᠭᠵᠢᠯᠳᠡ ᠬᠤᠪᠢᠷᠠᠯᠳᠠ ᠶᠢ ᠬᠡᠯᠡᠪᠡᠯ ᠨᠡᠩ ᠴᠤ ᠤᠴᠢᠷᠯᠠᠬᠤ ᠶᠠᠭᠤᠮ᠎ᠠ ᠤᠯᠠᠨ ᠪᠠᠶᠢᠨ᠎ᠡ︾ ᠭᠡᠵᠤ ᠪᠠᠶᠠᠠᠵᠢᠷᠥᠭᠡ ᠳᠤᠰᠬᠤᠨ ᠤ ᠤᠳᠤᠷᠢᠳᠬᠤ ᠪᠠᠭ ᠲᠤ ᠬᠤᠷᠢᠭᠠᠳ ᠵᠢᠯ ᠠᠵᠢᠯᠯᠠᠵᠤ᠂ ᠤᠳᠥ ᠪᠠᠷ ᠢᠶᠠᠨ ᠳᠤᠰᠬᠤᠨ ᠤ ᠨᠠᠮ ᠤᠨ ᠡᠬᠦᠷ ᠤᠨ ᠳᠡᠳ᠋ ᠱᠦᠵᠢ ᠶᠢᠨ ᠳᠤᠰᠢᠶᠠᠯ ᠢ ᠡᠬᠦᠷᠭᠡᠯᠡᠵᠤ ᠪᠠᠶᠢᠭ᠎ᠠ ᠵᠠᠩ ᠹᠧᠩ ᠬᠤᠸᠠ ᠭᠡᠯᠡᠨ᠎ᠡ᠃     ᠠᠷᠪᠠᠨ ᠵᠢᠯ ᠤᠨ ᠡᠮᠥᠨ᠎ᠡ᠂ ᠪᠠᠶᠠᠠᠵᠢᠷᠥᠭᠡ ᠳᠤᠰᠬᠤᠨ ᠤ ᠳᠠᠷᠢᠮᠠᠯ ᠤᠨ ᠲᠦᠷᠤᠯ ᠵᠥᠢᠯ ᠳᠠᠩ ᠴᠤᠯᠭᠤᠢ᠂ ᠵᠢᠯ ᠤᠨ ᠬᠦᠮᠥᠨ ᠳᠤᠮᠳᠠᠴᠢ ᠤᠷᠤᠯᠭ᠎ᠠ ᠨᠢ 5000 ᠲᠦᠬᠦᠷᠢᠭ ᠠᠷᠠᠢ ᠳᠤᠯᠬᠤ ᠦᠬᠡᠢ᠂ ᠦᠭᠡᠷ ᠬᠤᠨᠢ ᠠᠷᠠᠴᠢᠯᠠᠵᠤ ᠳᠡᠵᠢᠭᠡᠬᠦ ᠨᠤᠷᠮ᠎ᠠ 60% ᠲᠤᠯᠬᠤ ᠦᠬᠡᠢ ᠪᠠᠶᠢᠪᠠ᠃ ᠵᠠᠮ ᠬᠠᠷᠢᠯᠴᠠᠭ᠎ᠠ ᠨᠡᠩ ᠴᠤ ᠲᠦᠬᠦᠮ ᠦᠬᠡᠢ᠂ ᠬᠤᠷ᠎ᠠ ᠪᠤᠷᠤᠭᠠᠨ ᠶᠡᠭᠡ ᠵᠢᠯ ᠳᠤ ᠪᠠᠨ ᠭᠠᠴᠠᠭᠠᠨ ᠤ ᠳᠤᠮᠳᠠᠭᠤᠷ ᠳᠡᠷᠭᠡ ᠬᠦᠰᠭᠡ ᠨᠡᠪᠳᠡᠷᠡᠬᠦ ᠳᠤ ᠬᠦᠴᠢᠷᠳᠡᠵᠤ᠂ ᠬᠡᠥᠭᠡᠳ ᠤᠳ ᠰᠢᠪᠠᠷ ᠱᠠᠯᠴᠢᠭ ᠲᠤ ᠨᠢ ᠭᠤᠳᠤᠷᠠᠪᠠᠯ ᠦᠷᠥᠭᠡᠰᠥᠨ ᠱᠠᠬᠠᠢ ᠪᠠᠨ ᠭᠡᠭᠡᠴᠢᠭᠡᠨ᠎ᠠ᠃ ᠳᠠᠷᠢᠶᠠᠴᠢᠳ ᠨᠤᠷᠠᠬᠤ ᠠᠶᠤᠯᠳᠠᠢ ᠭᠡᠷ ᠲᠤ ᠰᠠᠭᠤᠵᠤ᠂ ᠲᠦᠷᠪᠡᠨ ᠵᠦᠭ ᠠᠴᠠ ᠨᠢ ᠵᠢᠪᠠᠷ ᠨᠡᠪᠳᠡᠷᠡᠵᠤ᠂ ᠭᠠᠳᠠᠨ᠎ᠠ ᠪᠤᠷᠤᠭᠠᠨ ᠴᠢᠳᠬᠤᠯᠠᠪᠠᠯ ᠭᠡᠷ ᠲᠤ ᠨᠢ ᠤᠰᠤ ᠭᠤᠭᠤᠵᠢᠵᠤ ᠪᠠᠶᠢᠪᠠ᠂ ᠭᠠᠩ ᠭᠠᠴᠢᠭ ᠵᠢᠯ ᠪᠤᠯᠪᠠᠯ ᠳᠠᠷᠢᠶᠠᠴᠢᠳ ᠤᠷᠤᠯᠭ᠎ᠠ ᠪᠠᠶᠢᠳᠤᠭᠠᠢ ᠢᠳᠡᠬᠦ ᠪᠤᠳᠠᠭ᠎ᠠ ᠪᠠᠨ ᠴᠤ ᠰᠶᠢᠳᠪᠤᠷᠢᠯᠡᠬᠦ ᠳᠤ ᠠᠰᠠᠭᠤᠳᠠᠯ ᠪᠤᠯᠳᠠᠭ ᠁     ᠰᠢᠨ᠎ᠡ ᠬᠦᠳᠡᠭᠡ ᠲᠤᠰᠬᠤᠨ ᠢ ᠪᠦᠳᠥᠭᠡᠨ ᠪᠠᠶᠢᠭᠤᠯᠬᠤ ᠲᠦᠷᠥ ᠶᠢᠨ ᠪᠤᠳᠤᠯᠭ᠎ᠠ ᠶᠢᠨ ᠳᠤᠶᠠᠭᠠᠯᠠᠯ ᠨᠢ ᠮᠠᠯᠵᠢᠬᠤ ᠳᠠᠷᠢᠶᠠᠯᠠᠬᠤ ᠤᠷᠤᠨ ᠳᠤ ᠦᠤᠷ ᠤᠨ ᠳᠤᠶᠠᠭ᠎ᠠ ᠮᠡᠳᠥ ᠰᠠᠴᠤᠷᠠᠨ ᠬᠡᠷᠡᠯᠳᠤᠵᠤ᠂ ᠪᠠᠶᠠᠠᠵᠢᠷᠥᠭᠡ ᠳᠤᠰᠬᠤᠨ ᠳᠤ ᠰᠢᠨ᠎ᠡ ᠬᠤᠪᠢᠷᠠᠯᠳᠠ ᠶᠢ ᠠᠪᠴᠢᠷᠠᠯ᠎ᠠ᠃ ᠭᠠᠴᠠᠭᠠᠨ ᠤ ᠤᠳᠤᠷᠢᠳᠬᠤ ᠪᠠᠭ ᠠᠴᠠ ᠲᠦᠷᠥᠬᠦᠯᠡᠨ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠬᠦᠯᠵᠤ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠵᠡᠢ᠃       2016 ᠤᠨ ᠳᠤ ᠲᠤᠰ ᠳᠤᠰᠬᠤᠨ 24000 ᠳᠡᠭᠰᠢ ᠲᠦᠷᠪᠡᠯᠵᠢᠨ ᠮᠧᠳ᠋ᠷ ᠳᠡᠵᠢᠭᠡᠨ ᠦᠷᠡᠵᠢᠬᠦᠯᠬᠦ ᠳᠠᠯᠠᠪᠠᠢ ᠶᠢ ᠪᠠᠶᠢᠭᠤᠯᠵᠤ᠂ ᠳᠤᠳᠤᠷ᠎ᠠ ᠨᠢ ᠬᠥᠢᠳᠡᠨ ᠬᠦᠮᠥᠷᠭᠡ᠂ ᠰᠢᠨ᠎ᠡ ᠰᠤᠷᠭᠤᠭ ᠢᠶᠠᠷ ᠬᠠᠳᠠᠭᠠᠯᠠᠬᠤ ᠬᠦᠮᠥᠷᠭᠡ᠂ ᠨᠦᠭᠡᠴᠡᠯᠡᠬᠦ ᠬᠦᠮᠥᠷᠭᠡ ᠵᠡᠷᠭᠡ ᠶᠢ ᠳᠤᠬᠢᠷᠠᠭᠤᠯᠵᠤ᠂ 3 ᠪᠠᠷᠢᠮᠵᠢᠶᠠᠵᠢᠭᠰᠠᠨ ᠬᠤᠨᠢᠨ ᠰᠠᠷᠠᠪᠴᠢ ᠪᠠᠶᠢᠭᠤᠯᠥᠨ᠂ ᠠᠯᠠᠰᠢᠨ ᠬᠤᠨᠢ ᠳᠡᠵᠢᠭᠡᠨ ᠦᠷᠡᠵᠢᠬᠦᠯᠬᠦ ᠥᠢᠯᠡᠰ ᠢ ᠡᠷᠭᠢᠯᠡᠵᠤ᠂ ᠭᠠᠴᠠᠭᠠᠨ ᠤ ᠬᠠᠮᠳᠥ ᠶᠢᠨ ᠠᠵᠤ ᠠᠬᠤᠢ ᠶᠢ ᠬᠦᠭᠵᠢᠬᠦᠯᠥᠭᠰᠡᠨ ᠪᠠᠶᠢᠨ᠎ᠠ᠃ 2020 ᠤᠨ ᠠᠴᠠ ᠡᠬᠢᠯᠡᠨ᠂ ᠳᠠᠷᠢᠶᠠᠴᠢᠳ ᠲᠤ 17000 ᠭᠠᠷᠤᠢ ᠳᠠᠬᠢᠶᠠᠨ ᠴᠤᠷᠪᠠᠭ᠎ᠠ ᠲᠦᠭᠡᠭᠡᠨ ᠦᠭᠴᠥ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠬᠦᠯᠵᠡᠢ᠃ ᠨᠢᠳᠥᠨᠥᠨ ᠵᠢᠯ ᠠᠴᠠ ᠡᠬᠢᠯᠡᠨ 110 ᠭᠠᠷᠤᠢ ᠡᠷᠥᠭᠡ ᠳᠤ 1 ᠲᠦᠮᠡᠨ ᠰᠠᠭᠤᠷᠢ ᠵᠢᠮᠢᠰ ᠤᠨ ᠮᠤᠳᠥ ᠬᠤᠪᠢᠶᠠᠨ ᠦᠭᠴᠤ ᠵᠠᠶᠢᠯᠠᠭᠤᠯᠵᠠᠢ᠃ ᠳᠡᠶᠢᠮᠥ ᠪᠦᠭᠡᠳ ᠲᠤᠰ ᠳᠤᠰᠬᠤᠨ 300 ᠳᠡᠭᠰᠢ ᠲᠦᠷᠪᠡᠯᠵᠢᠨ ᠮᠧᠳ᠋ᠷ ᠳᠠᠯᠠᠪᠠᠢ ᠪᠦᠬᠦᠢ ᠬᠥᠢᠳᠡᠨ ᠬᠦᠮᠥᠷᠭᠡ ᠪᠠᠶᠢᠭᠤᠯᠥᠨ᠂ ᠵᠢᠮᠢᠰ ᠢᠶᠠᠨ ᠬᠤᠷᠢᠶᠠᠨ ᠬᠠᠳᠠᠭᠠᠯᠠᠵᠤ᠂ ᠡᠪᠤᠯ ᠤᠨ ᠤᠯᠠᠷᠢᠯ ᠳᠤ ᠪᠠᠨ ᠬᠠᠳᠠᠭᠠᠮᠠᠯ ᠵᠢᠮᠢᠰ ᠬᠢᠵᠤ ᠬᠤᠳᠠᠯᠳᠤᠨ᠂ ᠳᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠪᠡ᠃     ᠡ᠊ᠨᠡ ᠵᠢᠯ ᠵᠢᠷᠠᠨ ᠬᠤᠶᠠᠷᠳᠠᠢ ᠵᠤᠤ ᠶᠢᠨ ᠯᠦᠩ ᠪᠤᠯ ᠪᠠᠶᠠᠠᠵᠢᠷᠥᠭᠡ ᠳᠤᠰᠬᠤᠨ ᠤ ᠬᠦᠭᠵᠢᠯᠳᠡ ᠬᠤᠪᠢᠷᠠᠯᠳᠠ ᠶᠢ ᠪᠡᠶ᠎ᠡ ᠪᠠᠷ ᠢᠶᠠᠨ ᠦᠡᠭᠭᠡᠷᠡᠬᠦᠯᠥᠭᠰᠡᠨ ᠳᠠᠷᠢᠶᠠᠴᠢᠨ᠂ ᠠᠷᠪᠠᠨ ᠵᠢᠯ ᠤᠨ ᠡᠮᠥᠨ᠎ᠡ ᠨᠤᠷᠠᠬᠤ ᠠᠶᠤᠯᠳᠠᠢ ᠭᠡᠷ ᠲᠤ ᠰᠠᠭᠤᠵᠤ ᠪᠠᠶᠢᠭᠰᠠᠨ ᠢᠶᠠᠨ ᠤᠳᠥ ᠠᠰᠠᠷ ᠰᠢᠥᠬᠠᠨ ᠰᠢᠨ᠎ᠡ ᠭᠡᠷ ᠪᠠᠶᠢᠰᠢᠩ ᠳᠤ ᠰᠠᠭᠤᠵᠤ ᠵᠤᠯ ᠵᠢᠷᠭᠠᠯᠳᠥ ᠠᠮᠢᠳᠤᠷᠠᠯ ᠢ ᠡᠳ᠋ᠯᠡᠬᠦ ᠪᠤᠯᠤᠭᠰᠠᠨ ᠳᠤ ᠪᠠᠨ ᠮᠠᠰᠢ ᠪᠠᠶᠠᠷᠳᠠᠢ ᠪᠠᠶᠢᠯ᠎ᠠ᠃ ︽ᠮᠠᠨ ᠤ ᠳᠤᠰᠬᠤᠨ ᠤ ᠳᠠᠷᠢᠶᠠᠨ ᠭᠠᠵᠠᠷ ᠪᠠᠭ᠎ᠠ᠂ ᠬᠦᠮᠥᠨ ᠪᠦᠷᠢ ᠳᠡᠭᠰᠢᠳᠭᠡᠭᠡᠳ 8 ᠮᠣ᠋ ᠭᠠᠵᠠᠷ ᠨᠤᠭᠳᠠᠬᠤ ᠦᠬᠡᠢ᠂ ᠡᠬᠦᠨ ᠤ ᠳᠡᠭᠡᠷ᠎ᠡ ᠳᠠᠷᠢᠮᠠᠯ ᠤᠨ ᠲᠦᠷᠤᠯ ᠵᠥᠢᠯ ᠳᠠᠩ ᠴᠤᠯᠭᠤᠢ᠂ ᠤᠯᠠᠮᠵᠢᠯᠠᠯᠳᠥ ᠠᠷᠭ᠎ᠠ ᠪᠠᠷ ᠢᠶᠠᠨ ᠡᠷᠳᠡᠨᠢ ᠰᠢᠰᠢ ᠳᠠᠷᠢᠵᠤ ᠪᠠᠶᠢᠭᠰᠠᠨ ᠲᠤᠯᠠ ᠤᠷᠤᠯᠭ᠎ᠠ ᠳᠤᠤᠷ᠎ᠠ᠂ ᠠᠮᠢᠳᠤᠷᠠᠯ ᠢᠶᠠᠨ ᠵᠦᠳᠡᠬᠦᠥ ᠠᠷᠭᠠᠴᠠᠭᠠᠵᠤ ᠪᠠᠶᠢᠪᠠ᠃ ᠤᠳᠥ ᠮᠠᠨ ᠤ ᠠᠮᠢᠳᠤᠷᠠᠯ ᠳᠡᠭᠷᠢ ᠭᠠᠵᠠᠷ ᠢ ᠳᠤᠩᠰᠤᠯᠭᠠᠮ᠎ᠠ ᠬᠤᠪᠢᠷᠠᠯᠳᠠ ᠭᠠᠷᠴᠠᠢ ᠭᠡᠵᠤ ᠭᠡᠯᠡᠬᠦ ᠳᠤ ᠢᠯᠡᠬᠦᠳᠡᠬᠦ ᠦᠬᠡᠢ᠂ ᠳᠠᠷᠢᠶᠠᠴᠢᠳ ᠰᠢᠨᠵᠢᠯᠡᠬᠦ ᠤᠬᠠᠭᠠᠨᠴᠢ ᠪᠠᠷ ᠳᠠᠷᠢᠶᠠᠯᠠᠬᠤ ᠪᠤᠯᠤᠭᠰᠠᠨ ᠪᠦᠭᠡᠳ ᠬᠠᠰᠢᠶᠠᠨ ᠳᠤ ᠪᠠᠨ ᠬᠤᠨᠢ ᠮᠠᠯ ᠳᠡᠵᠢᠭᠡᠬᠦ ᠪᠤᠯᠵᠤ᠂ ᠠᠵᠤ ᠥᠢᠯᠡᠰ ᠢ ᠬᠦᠭᠵᠢᠬᠦᠯᠬᠦ ᠵᠠᠮ ᠢᠶᠠᠷ ᠵᠠᠮᠨᠠᠵᠤ᠂ ᠴᠢᠨᠡᠭᠡᠯᠢᠭ ᠠᠮᠢᠳᠤᠷᠠᠯ ᠵᠦᠭ ᠳᠡᠮᠡᠥᠯᠥᠨ᠎ᠡ᠃ ᠮᠠᠨ ᠤ ᠬᠢᠨ ᠤᠳᠥ 16 ᠠᠯᠠᠰᠢᠨ ᠦᠭᠡᠷ ᠳᠡᠵᠢᠭᠡᠵᠤ᠂ 100 ᠮᠣ᠋ ᠡᠷᠳᠡᠨᠢ ᠰᠢᠰᠢ ᠳᠠᠷᠢᠵᠤ᠂ ᠬᠠᠰᠢᠶᠠᠨ ᠳᠤ ᠪᠠᠨ ᠪᠠᠰᠠ ᠠᠷᠪᠠᠨ ᠬᠡᠳᠥᠨ ᠰᠠᠭᠤᠷᠢ ᠵᠢᠮᠢᠰ ᠤᠨ ᠮᠤᠳᠥ ᠵᠠᠶᠢᠯᠠᠵᠤ᠂ ᠪᠦᠬᠦ ᠵᠢᠯ ᠤᠨ ᠤᠷᠤᠯᠭ᠎ᠠ ᠠᠷᠪᠠᠭᠠᠳ ᠲᠦᠮᠡᠡ ᠲᠦᠬᠦᠷᠢᠭ ᠲᠤᠯᠵᠤ ᠪᠤᠢ︾ ᠭᠡᠵᠤ ᠵᠤᠤ ᠶᠢᠨ ᠯᠦᠩ ᠰᠤᠷᠪᠤᠯᠵᠢᠯᠠᠭᠴᠢ ᠳᠤ ᠦᠡᠭᠭᠡᠷᠡᠭᠰᠡᠨ ᠪᠠ ᠤᠳᠤᠬᠢ ᠠᠮᠢᠳᠤᠷᠠᠯ ᠢᠶᠠᠨ ᠬᠠᠷᠢᠴᠠᠭᠤᠯᠥᠨ ᠶᠠᠷᠢᠵᠤ ᠦᠭᠬᠦᠨ᠎ᠡ᠃ ︽ᠵᠠᠯᠠᠶᠢᠤᠨ ᠬᠤᠰᠢᠭᠤᠨ ᠤ ᠰᠤᠷᠭᠠᠨ ᠬᠦᠮᠤᠵᠢᠯ ᠤᠨ ᠲᠤᠪᠴᠢᠶᠠᠨ ᠤ ᠬᠢᠨ ᠪᠠᠶᠠᠨᠵᠢᠷᠥᠭᠡ ᠳᠤᠰᠬᠤᠨ ᠤ ᠬᠡᠥᠭᠡᠳ ᠲᠤ ᠰᠤᠷᠭᠠᠨ ᠬᠦᠮᠥᠵᠢᠯ ᠤᠨ ᠳᠠᠯ᠎ᠠ ᠪᠠᠷ ᠤᠯᠠᠨ ᠳᠡᠮᠵᠢᠯᠭᠡ ᠬᠦᠷᠳᠡᠭᠡᠵᠤ᠂ ᠡ᠊ᠨᠡ ᠵᠢᠯ ᠠᠩᠬ᠎ᠠ ᠳᠤᠮᠳᠠᠳᠥ᠂ ᠳᠡᠭᠡᠳᠥ ᠳᠤᠮᠳᠠᠳᠥ ᠪᠠ ᠶᠡᠭᠡ ᠰᠤᠷᠭᠠᠭᠤᠯᠢ ᠳᠤ ᠰᠢᠯᠭᠠᠨ ᠤᠷᠤᠭᠰᠠᠨ ᠰᠤᠷᠤᠭᠴᠢ ᠪᠦᠷᠢ ᠳᠤ 1350 — 10000 ᠲᠦᠬᠦᠷᠢᠭ ᠤᠨ ᠳᠡᠳᠬᠦᠮᠵᠢ ᠶᠢᠨ ᠮᠦᠡᠭᠬᠦ ᠭᠠᠷᠳᠠᠭᠤᠯᠤᠭᠰᠠᠨ ᠪᠦᠭᠡᠳ ᠠᠮᠢᠳᠤᠷᠠᠯ ᠬᠦᠴᠢᠷᠳᠡᠯ ᠲᠠᠢ ᠰᠤᠷᠤᠭᠴᠢᠳ ᠲᠤ ᠰᠤᠷᠤᠯᠭ᠎ᠠ ᠳᠡᠳᠬᠦᠬᠦ ᠵᠢᠭᠡᠯᠡᠯᠭᠡ ᠶᠢᠨ ᠮᠦᠡᠭᠬᠦ ᠭᠤᠶᠤᠴᠢᠯᠠᠨ ᠦᠭᠴᠡᠢ︾ ᠭᠡᠵᠤ ᠪᠠᠶᠠᠠᠵᠢᠷᠥᠭᠡ ᠳᠤᠰᠬᠤᠨ ᠤ ᠨᠢᠭᠡᠳᠥᠭᠡᠷ ᠱᠦᠵᠢ ᠵᠠᠩ ᠢᠤᠢ ᠭᠡᠯᠡᠪᠡ᠃     ᠡᠯ᠎ᠡ ᠳᠠᠯ᠎ᠠ ᠶᠢᠨ ᠬᠦᠭᠵᠢᠯᠳᠡ ᠬᠤᠪᠢᠷᠠᠯᠳᠠ ᠶᠢ ᠳᠤᠷᠠᠳᠤᠭᠰᠠᠭᠠᠷ᠂ ᠳᠤᠰᠬᠤᠨ ᠤ ᠲᠦᠷᠢ ᠲᠦᠷᠬᠦ᠂ ᠳᠤᠰᠬᠤᠨ ᠤ ᠠᠷᠠᠳ ᠤᠨ ᠦᠵᠡᠯᠳᠡ ᠲᠠᠨᠢᠯᠳᠠ ᠶᠢᠨ ᠬᠤᠪᠢᠷᠠᠯᠳᠠ ᠶᠢ ᠪᠤᠳᠤᠵᠤ ᠤᠯᠳᠠᠭ᠃ ᠦᠡᠭᠭᠡᠷᠡᠭᠰᠡᠨ ᠳᠤ ᠳᠤᠰᠬᠤᠨ ᠤ ᠠᠷᠠᠳ ᠤᠨ ᠠᠮᠢᠳᠤᠷᠠᠯ ᠢ ᠪᠠᠶᠠᠯᠢᠬᠵᠢᠭᠤᠯᠬᠤ ᠪᠠᠶᠢᠳᠤᠭᠠᠢ᠂ ᠢᠳᠡᠵᠤ ᠡᠮᠥᠰᠬᠦ᠂ ᠶᠠᠪᠤᠵᠤ ᠰᠠᠭᠤᠬᠤ ᠦᠨᠳᠥᠰᠥᠨ ᠠᠰᠠᠭᠤᠳᠠᠯ ᠢ ᠴᠤ ᠪᠠᠳᠤᠯᠠᠬᠤ ᠳᠤ ᠬᠦᠴᠢᠷᠳᠡᠵᠤ ᠪᠠᠶᠢᠭᠰᠠᠨ ᠨᠢ ᠦᠨᠡᠨ᠃ ᠤᠳᠥ ᠪᠠᠶᠠᠨᠵᠢᠷᠥᠭᠡ ᠳᠤᠰᠬᠤᠨ ᠳᠤ ᠬᠦᠷᠪᠡᠯ᠂ ᠪᠠᠶᠢᠰᠢᠩ ᠭᠡᠷ ᠤᠳ ᠮᠦᠷ ᠮᠦᠷ ᠢᠶᠠᠷ ᠵᠢᠭᠳᠡᠷᠡᠨ᠂ ᠱᠥᠢᠨᠢ ᠵᠠᠮ ᠢᠶᠠᠷ ᠨᠢ ᠰᠡᠥᠭᠡ ᠮᠠᠰᠢᠨ ᠰᠦᠯᠵᠢᠯᠳᠥᠵᠤ᠂ ᠳᠠᠷᠢᠶᠠᠴᠢᠳ ᠠᠵᠢᠯᠴᠢ ᠬᠦᠳᠡᠯᠮᠥᠷᠢᠴᠢ ᠳᠤ ᠪᠠᠨ ᠲᠦᠰᠢᠭᠯᠡᠨ ᠵᠤᠯ ᠵᠢᠷᠭᠠᠯᠳᠥ ᠠᠮᠢᠳᠤᠷᠠᠯ ᠢᠶᠠᠨ ᠴᠤᠭᠴᠠᠯᠠᠨ᠎ᠠ ᠪᠢᠯᠡ︕        
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号