ᠯᠢᠦ ᠬᠤ᠋ ᠪᠠᠯᠭᠠᠰᠤ᠄ ︽ᠬᠥᠳᠡᠭᠡ ᠲᠣᠰᠬᠤᠨ ᠤ ᠵᠤᠭᠠᠴᠠᠯ + ᠪᠣᠳᠠᠰ ᠤᠨ ᠪᠤᠰᠤ ᠰᠣᠶᠣᠯ ᠤᠨ ᠥᠪ︾  ᠨᠢ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠷᠢᠳᠢ ᠰᠢᠳᠢ ᠶᠢ ᠢᠯᠡᠷᠡᠭᠦᠯᠵᠡᠢ
ᠨᠡᠶᠢᠲᠡᠯᠡᠭᠰᠡᠨ ᠴᠠᠭ᠄
2022/9/28
    ᠯᠢᠦ ᠬᠤ᠋ ᠪᠠᠯᠭᠠᠰᠤ ᠶᠢᠨ ᠵᠢᠦᠢ ᠰᠢᠩ ᠲᠣᠰᠬᠤᠨ ᠤ ᠶᠠᠩ ᠵᠢᠶᠠ ᠲᠦᠨ ᠲᠣᠰᠬᠤᠨ ᠳᠤ᠂ ᠵᠡᠭᠦᠨ ᠬᠤᠶᠢᠲᠤ ᠤᠷᠤᠨ ᠤ ᠠᠷᠠᠳ ᠤᠨ ᠵᠠᠩ ᠦᠢᠯᠡ ᠶᠢᠨ ᠣᠨᠴᠠᠯᠢᠭ ᠲᠠᠢ ︽ᠰᠢᠳ ᠡᠮ ᠦᠬᠡᠷ︾ ᠤᠨ ᠲᠠᠷᠢᠶᠠᠴᠢᠨ ᠠᠶᠢᠯ ᠤᠨ ᠵᠤᠭᠠᠴᠠᠯ ᠤᠨ ᠦᠢᠯᠡᠰ ᠨᠠᠰᠢ ᠴᠠᠰᠢ ᠵᠣᠷᠴᠢᠭᠰᠠᠳ᠂ ᠵᠤᠭᠠᠴᠠᠭᠰᠠᠳ ᠤᠨ ᠠᠩᠬᠠᠷᠤᠯ ᠢ ᠲᠠᠲᠠᠪᠠ᠃     ᠬᠡᠷᠡᠮ ᠳᠡᠭᠡᠷᠡᠬᠢ ᠲᠠᠷᠢᠶᠠᠯᠠᠩ ᠤᠨ ᠭᠤᠣᠯ ᠰᠡᠳᠦᠪᠲᠦ ᠵᠢᠷᠤᠭ ᠨᠢ ᠠᠮᠢ ᠠᠬᠤᠢ ᠪᠣᠬᠢᠷᠳᠤᠯ ᠦᠭᠡᠢ᠂ ᠠᠵᠤ ᠦᠢᠯᠡᠰ ᠬᠥᠭᠵᠢᠭᠰᠡᠨ᠂ ᠣᠷᠴᠢᠨ ᠲᠣᠭᠤᠷᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠤ ᠠᠮᠢᠳᠤᠷᠠᠯ ᠢ ᠵᠢᠷᠤᠭᠯᠠᠵᠠᠢ︔ ᠭᠡᠷ ᠪᠠᠶᠢᠰᠢᠩ ᠤᠨ ᠡᠷᠬᠢᠨ ᠲᠣᠭᠤᠷᠢᠨ ᠳᠤ ᠦᠬᠡᠷ ᠲᠡᠵᠢᠭᠡᠵᠦ ᠪᠠᠶᠠᠵᠢᠨ ᠴᠢᠨᠡᠭᠡᠯᠢᠭᠵᠢᠭᠰᠡᠨ ᠰᠢᠷᠭᠠᠭᠤ ᠬᠠᠲᠠᠭᠤᠵᠢᠯᠲᠠᠢ ᠠᠵᠢᠯᠯᠠᠬᠤ ᠦᠢᠯᠡᠳᠪᠦᠷᠢᠯᠡᠯ ᠤᠨ ᠵᠢᠷᠤᠭ ᠳᠦᠷᠰᠦ ᠶᠢ ᠳᠠᠷᠤᠮᠠᠯᠯᠠᠵᠠᠢ︔ ᠬᠦᠷᠢᠶᠡᠨ ᠳᠣᠲᠣᠷ᠎ᠠ ᠪᠠᠨ ᠰᠢᠳ ᠡᠮ ᠳᠠᠷᠢᠬᠤ ᠰᠠᠭᠤᠷᠢᠨ ᠭᠠᠵᠠᠷ ᠲᠠᠢ᠂ ᠭᠡᠷ ᠳᠣᠲᠣᠷ᠎ᠠ ᠪᠠᠨ ᠬᠥᠳᠡᠭᠡ ᠲᠣᠰᠬᠤᠨ ᠤ ᠣᠨᠴᠠᠯᠢᠭ ᠲᠠᠢ ᠠᠮᠲᠠᠲᠤ ᠢᠳᠡᠭᠡᠨ ᠪᠣᠶ᠃ ᠯᠢᠦ ᠬᠤ᠋ ᠶᠢᠨ ᠬᠠᠳᠠᠭᠠᠭᠰᠠᠨ ᠳ᠋ᠧᠦᠹᠦ᠋ ᠶᠢᠨ ᠠᠷᠪᠠᠨ ᠬᠤᠶᠠᠷ ᠬᠠᠳᠬᠤᠭᠤᠷ᠂ ᠬᠠᠨ ᠭᠤᠸᠠᠢ ᠶᠢᠨ ᠰᠢᠷᠠᠭᠰᠠᠨ ᠲᠠᠬᠢᠶ᠎ᠠ᠂ ᠲᠡᠮᠦᠷ ᠲᠣᠭᠤᠭᠠᠨ ᠳᠤ ᠴᠢᠨᠠᠭᠰᠠᠨ ᠵᠡᠷᠭᠡ ᠨᠤᠲᠤᠭ ᠤᠨ ᠲᠠᠷᠢᠶᠠᠴᠢᠨ ᠠᠶᠢᠯ ᠤᠨ ᠨᠣᠭᠤᠭ᠎ᠠ ᠶᠢᠨ ᠲᠥᠷᠥᠯ ᠵᠦᠢᠯ ᠡᠯᠪᠡᠭ ᠪᠠᠶᠠᠯᠢᠭ ᠪᠠᠶᠢᠳᠠᠭ᠃ ᠭᠡᠷ ᠳᠣᠲᠣᠷᠠᠬᠢ ᠪᠦᠬᠦ᠋ᠢᠯᠡ ᠬᠡᠪ ᠨᠠᠮᠪᠠ ᠨᠢ ᠥᠩᠭᠡᠷᠡᠭᠰᠡᠨ ᠢᠶᠠᠨ ᠰᠠᠨᠠᠭᠠᠯᠵᠠᠵᠤ ᠡᠷᠲᠡᠨ ᠤ ᠬᠢ ᠶᠢ ᠰᠡᠷᠭᠦᠭᠡᠵᠦ᠂ ᠲᠠᠷᠢᠶᠠᠯᠠᠬᠤ ᠰᠣᠶᠣᠯ᠂ ᠪᠣᠯᠪᠠᠰᠤᠨ ᠨᠤᠲᠤᠭ ᠤᠨ ᠬᠡᠪ ᠨᠠᠮᠪᠠ ᠶᠢᠨ ᠭᠤᠣᠯ ᠰᠡᠳᠦᠪᠲᠦ ᠴᠠᠭᠠᠰᠤᠨ ᠬᠠᠶᠢᠴᠢᠯᠠᠮᠠᠯ ᠤᠨ ᠵᠢᠷᠤᠭ ᠢᠶᠠᠷ ᠴᠢᠮᠡᠭᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠰᠣᠶᠣᠯ ᠢ ᠲᠠᠷᠢᠶᠠᠯᠠᠩ ᠵᠤᠭᠠᠴᠠᠯ ᠤᠨ ᠬᠥᠭᠵᠢᠯᠲᠡ ᠲᠠᠢ ᠨᠢᠭᠲᠠ ᠠᠭᠤᠰᠤᠯᠴᠠᠭᠤᠯᠵᠤ᠂ ᠣᠷᠣᠨ ᠨᠤᠲᠤᠭ ᠤᠨ ᠰᠣᠶᠣᠯ ᠤᠨ ᠣᠨᠴᠠᠯᠢᠭ ᠢᠶᠠᠷ ᠢᠯᠡ ᠲᠣᠳᠣ ᠪᠣᠯᠭᠠᠭᠰᠠᠨ ᠪᠠᠶᠢᠨ᠎ᠠ᠃ ᠵᠤᠭᠠᠴᠠᠭᠰᠠᠳ ᠬᠥᠳᠡᠭᠡ ᠲᠣᠰᠬᠤᠨ ᠤ ᠭᠤᠶᠤ ᠦᠵᠡᠮᠵᠢ ᠶᠢ ᠰᠣᠨᠢᠷᠬᠠᠵᠤ᠂ ᠯᠢᠦ ᠬᠤ᠋ ᠶᠢᠨ ᠠᠮᠲᠠᠲᠤ ᠢᠳᠡᠭᠡᠨ ᠢ ᠠᠮᠲᠠᠯᠠᠬᠤ ᠶᠢᠨ ᠬᠠᠮᠲᠤ ᠤᠯᠠᠮᠵᠢᠯᠠᠯᠲᠤ ᠰᠣᠶᠣᠯ ᠤᠨ ᠭᠤᠸ᠎ᠠ ᠰᠠᠶᠢᠬᠠᠨ ᠢ ᠰᠣᠨᠢᠷᠬᠠᠨ᠎ᠠ᠃ ᠣᠶᠢᠯᠠᠭᠠᠭᠰᠠᠨ ᠢᠶᠠᠷ᠂ ᠯᠢᠦ ᠬᠤ᠋ ᠪᠠᠯᠭᠠᠰᠤ ᠨᠢ ᠠᠵᠤ ᠦᠢᠯᠡᠰ ᠢ ᠬᠥᠭᠵᠢᠭᠦᠯᠬᠦ ᠡᠨᠡ ᠬᠦ ᠪᠦᠬᠦ ᠲᠠᠯ᠎ᠠ ᠶᠢᠨ ᠠᠵᠢᠯ ᠤᠨ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ︽ᠲᠠᠷᠢᠶᠠᠯᠠᠩ ᠤᠨ ᠵᠤᠭᠠᠴᠠᠯ + ᠪᠣᠳᠠᠰ ᠤᠨ ᠪᠤᠰᠤ ᠰᠣᠶᠣᠯ ᠤᠨ ᠥᠪ︾ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ — ᠵᠢᠦᠢ ᠰᠢᠩ ᠲᠣᠰᠬᠤᠨ ᠳᠤ ᠰᠢᠳ ᠲᠠᠷᠢᠬᠤ ᠲᠤᠷᠰᠢᠯᠲᠠ᠂ ᠡᠮ ᠤᠨ ᠮᠠᠲ᠋ᠧᠷᠢᠶᠠᠯ ᠢ ᠪᠤᠶᠢᠵᠢᠭᠤᠯᠤᠨ ᠰᠣᠨᠢᠷᠬᠠᠬᠤ᠂ ᠦᠬᠡᠷ ᠲᠡᠵᠢᠭᠡᠨ ᠦᠷᠡᠵᠢᠭᠦᠯᠬᠦ ᠵᠤᠭᠠᠴᠠᠯ᠂ ᠣᠨᠴᠠᠯᠢᠭᠲᠤ ᠠᠮᠲᠠᠲᠤ ᠢᠳᠡᠭᠡᠨ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠰᠣᠶᠣᠯ ᠢ ᠨᠢᠭᠡ ᠴᠣᠭᠴᠠᠵᠢᠭᠤᠯᠤᠭᠰᠠᠨ ︽ᠰᠢᠳ ᠡᠮ ᠦᠬᠡᠷ︾ ᠤᠨ ᠲᠠᠷᠢᠶᠠᠴᠢᠨ ᠠᠶᠢᠯ ᠤᠨ ᠵᠤᠭᠠᠴᠠᠯ ᠢ ᠪᠠᠶᠢᠭᠤᠯᠵᠤ᠂ ᠣᠶᠢᠷ᠎ᠠ ᠬᠠᠪᠢ ᠶᠢᠨ ᠵᠤᠭᠠᠴᠠᠭᠰᠠᠳ ᠲᠤ ᠲᠠᠷᠢᠶᠠᠯᠠᠬᠤ ᠰᠣᠶᠣᠯ ᠤᠨ ᠠᠭᠤᠷ ᠠᠮᠢᠰᠬᠤᠯ ᠥᠳᠬᠡᠨ ᠵᠤᠵᠠᠭᠠᠨ᠂ ᠠᠷᠠᠳ ᠤᠨ ᠵᠠᠩ ᠦᠢᠯᠡ ᠶᠢᠨ ᠦᠨᠦᠷ ᠠᠮᠲᠠ ᠪᠠᠷ ᠪᠠᠶᠠᠯᠢᠭ ᠰᠡᠯᠡᠭᠦᠴᠡᠯ ᠵᠤᠭ᠎ᠠ ᠴᠡᠩᠭᠡᠯ ᠤᠨ ᠰᠠᠶᠢᠨ ᠭᠠᠵᠠᠷ ᠢ ᠬᠠᠩᠭᠠᠪᠠ᠃    
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号