ᠵᠠᠩ ᠰᠢᠶᠤᠤ ᠪᠢᠩ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠵᠢᠵᠢᠭᠦᠷᠯᠡᠨ ᠰᠤᠷᠪᠤᠯᠵᠢᠯᠠᠭ᠎ᠠ ᠶᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2022/9/29
     9 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ  ᠲᠤᠪᠴᠢᠶ᠎ᠠ ᠶᠢᠨ ᠬᠠᠮᠲᠤᠷᠠᠭᠰᠠᠨ ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠰᠤᠭ ᠲᠤ ᠵᠢᠵᠢᠭᠦᠷᠯᠡᠨ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠲᠤᠭᠤᠷᠠᠲᠠᠯ᠎ᠠ ᠰᠤᠳᠤᠯᠵᠤ᠂ ᠲᠡᠦᠬᠡ ᠶᠢ ᠬᠦᠨᠳᠦᠳᠬᠡᠬᠦ ᠮᠥᠷᠲᠡᠭᠡᠨ ᠪᠠᠰᠠ ᠪᠣᠳᠠᠲᠤ ᠪᠠᠶᠢᠳᠠᠯ ᠢ ᠬᠠᠷᠠᠭᠠᠯᠵᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠳᠠᠷᠠᠭᠠᠯᠠᠨ ᠪᠠᠶᠢᠴᠠᠭᠠᠬᠤ᠂ ᠨᠠᠮᠳᠠᠭᠤᠯᠬᠤ ᠪᠠ ᠲᠣᠭᠲᠠᠭᠤᠨ ᠢᠶᠠᠷ ᠡᠵᠡᠮᠳᠡᠬᠦ ᠠᠵᠢᠯ ᠢ ᠪᠠᠶᠢᠩᠭᠤ ᠪᠦᠲᠦᠮᠵᠢᠲᠡᠢ ᠰᠠᠶᠢᠲᠤᠷ ᠬᠢᠵᠦ᠂ ᠰᠢᠢᠳᠪᠦᠷᠢᠯᠡᠬᠦ ᠶᠣᠰᠣᠲᠠᠢ ᠠᠰᠠᠭᠤᠳᠠᠯ ᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ  ᠶᠤᠰᠤᠭᠠᠷ ᠭᠦᠢᠴᠡᠳᠭᠡᠵᠦ᠂ ᠰᠢᠢᠳᠪᠦᠷᠢᠯᠡᠬᠦ ᠶᠣᠰᠣᠲᠠᠢ ᠵᠥᠷᠢᠴᠡᠯ ᠢ ᠴᠠᠭ ᠲᠤᠬᠠᠢ ᠳᠤᠨᠢ ᠡᠷᠡᠰ ᠰᠢᠭᠤᠷᠬᠠᠢ ᠪᠠᠷ ᠰᠢᠢᠳᠪᠦᠷᠢᠯᠡᠵᠦ᠂ ᠪᠠᠭ᠎ᠠ ᠶᠠᠪᠤᠳᠠᠯ ᠢ ᠶᠡᠬᠡᠳᠬᠡᠬᠦ᠂ ᠶᠡᠭᠡ ᠶᠠᠪᠤᠳᠠᠯ ᠢ ᠤᠳᠠᠭᠠᠰᠢᠷᠠᠭᠤᠯᠬᠤ ᠶᠢ ᠡᠷᠡᠰ ᠰᠡᠷᠭᠡᠶᠢᠯᠡᠵᠦ᠂ ᠪᠦᠬᠦ ᠠᠶᠢᠮᠠᠭ ᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号