ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/29
    9 ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠢᠩᠭᠠᠨ ᠠᠶᠢᠮᠠᠭ ᠤᠨ ᠰᠣᠶᠣᠯ ᠵᠤᠭᠠᠴᠠᠯ ᠤᠨ ᠠᠵᠤ  ᠦᠢᠯᠡᠰ ᠢ ᠲᠡᠳᠬᠦᠨ ᠳᠡᠮᠵᠢᠬᠦ ᠲᠥᠰᠦᠯ︾ ︽ᠬᠢᠩᠭᠠᠨ ᠠᠶᠢᠮᠠᠭ ᠤᠨ  ᠵᠤᠭᠠᠴᠠᠯ ᠤᠨ ᠦᠢᠯᠡᠴᠢᠯᠡᠭᠡᠨ ᠤ ᠭᠠᠵᠠᠷ ᠤᠨ ᠬᠥᠭᠵᠢᠯᠲᠡ ᠶᠢ ᠲᠡᠳᠬᠦᠨ ᠳᠡᠮᠵᠢᠬᠦ ᠬᠡᠷᠡᠭᠵᠢᠭᠦᠯᠬᠦ ᠲᠥᠰᠦᠯ︾ ᠢ ᠬᠢᠨᠠᠨ ᠶᠠᠷᠢᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠦ ᠭᠠᠷᠭᠠᠭᠰᠠᠨ ᠨᠢ᠂ ᠰᠣᠶᠣᠯ ᠵᠤᠭᠠᠴᠠᠯ ᠤᠨ ᠠᠵᠤ ᠦᠢᠯᠡᠰ ᠪᠣᠯ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ ᠮᠥᠨ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠪᠠᠷ ᠣᠳᠣᠬᠠᠨ ᠤ ᠭᠤᠤᠯᠳᠠᠯᠭ᠎ᠠ ᠲᠠᠢ ᠠᠵᠢᠯ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠨ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠬᠤ ᠪᠠᠷ ᠭᠠᠷᠳᠠᠴᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠷᠠᠭᠤᠯᠤᠨ᠂ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠰᠣᠶᠣᠯ  ᠵᠤᠭᠠᠴᠠᠯ ᠤᠨ ᠠᠵᠤ ᠦᠢᠯᠡᠰ ᠤᠨ ᠰᠠᠶᠢᠵᠢᠷᠠᠨ ᠰᠡᠷᠭᠦᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠠᠶᠢᠮᠠᠭ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ  ᠬᠡᠷᠡᠭᠲᠡᠢ ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠵᠤᠭᠠᠴᠠᠯ ᠤᠨ ᠭᠠᠵᠠᠷ ᠪᠣᠯ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠭᠤᠣᠯ ᠬᠦᠴᠦᠨ ᠮᠥᠨ᠂ ᠪᠦᠬᠦ ᠠᠶᠢᠮᠠᠭ ᠤᠨ ᠰᠣᠶᠣᠯ ᠵᠤᠭᠠᠴᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠬᠦᠴᠦᠨ ᠮᠥᠨ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠤᠭᠠᠴᠠᠯ ᠤᠨ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠬᠥᠭᠵᠢᠭᠡᠵᠦ᠂ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠢᠲᠡᠭᠡᠯ ᠢ ᠳᠡᠭᠡᠭᠰᠢᠯᠡᠭᠦᠯᠬᠦ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠣᠶᠣᠯ ᠵᠤᠭᠠᠴᠠᠯ ᠤᠨ ᠦᠢᠯᠡᠰ ᠢ ᠳᠡᠯᠭᠡᠷᠡᠭᠦᠯᠦᠨ ᠡᠵᠡᠩᠨᠡᠨ ᠪᠣᠷᠣᠯᠠᠭᠤᠯᠬᠤ ᠶᠢ ᠴᠢᠩᠭᠠᠳᠬᠠᠵᠤ᠂ ᠵᠤᠭᠠᠴᠠᠯ ᠤᠨ ᠭᠠᠵᠠᠷ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠨ ᠪᠤᠵᠠᠭᠠᠢᠢᠷᠠᠬᠤ ᠶᠢ ᠲᠠᠰᠤᠷᠠᠯᠲᠠ ᠦᠭᠡᠢ ᠠᠬᠢᠭᠤᠯᠵᠤ᠂ ᠪᠦᠬᠦ ᠠᠶᠢᠮᠠᠭ ᠤᠨ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号