9 ᠳ᠋ᠦ᠋ᠭᠡᠷ ᠰᠠᠷ᠎ᠠ ᠶᠢᠨ 28 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ᠂ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ | ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠬᠥᠬᠡᠬᠤᠲᠠ ᠳᠤ︶ | ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠪᠡ᠃ | ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ | ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃ ᠲᠤᠬᠠᠢ ᠶᠢᠨ ᠭᠠᠵᠠᠷ ᠤᠨ | ᠲᠣᠳᠣᠯᠠᠭᠰᠠᠨ 24 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠪᠠ᠂ ᠡᠭᠦᠨ ᠳᠤ ᠬᠥᠯᠥᠨ ᠪᠤᠶᠢᠷ | ᠬᠤᠲᠠ ᠳᠤ 2 ︵ᠴᠥᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 22 ︵ᠰᠦᠩᠱᠠᠨ ᠲᠣᠭᠤᠷᠢᠭ ᠲᠤ | 10᠂ ᠣᠩᠨᠢᠭᠤᠳ ᠬᠤᠰᠢᠭᠤᠨ ᠳᠤ 12︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 22 | ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠲᠡᠳᠡᠭᠡᠷ ᠨᠢ ᠴᠥᠮ ᠤᠯᠠᠭᠠᠨᠬᠠᠳᠠ | ᠬᠤᠲᠠ ᠳᠤ ︵ᠰᠦᠩᠱᠠᠨ ᠲᠣᠭᠤᠷᠢᠭ ᠲᠤ 12᠂ ᠣᠩᠨᠢᠭᠤᠳ ᠬᠤᠰᠢᠭᠤᠨ ᠳᠤ 10︶ ᠪᠣᠢ᠃ | 9 ᠳ᠋ᠦ᠋ᠭᠡᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 72 ᠪᠠᠶᠢᠵᠤ᠂ ᠡᠭᠦᠨ ᠳᠤ | ᠬᠥᠬᠡᠬᠤᠲᠠ ᠳᠤ 1᠂ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ︶᠂ ᠤᠯᠠᠭᠠᠨᠬᠠᠳᠠ ᠬᠤᠲᠠ ᠳᠤ | 70 ︵ᠰᠦᠩᠱᠠᠨ ᠲᠣᠭᠤᠷᠢᠭ ᠲᠤ 43᠂ ᠣᠩᠨᠢᠭᠤᠳ ᠬᠤᠰᠢᠭᠤᠨ ᠳᠤ 23᠂ ᠠᠷᠤ ᠬᠤᠷᠴᠢᠨ ᠬᠤᠰᠢᠭᠤᠨ ᠳᠤ | 4︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 82 ᠪᠠᠶᠢᠵᠤ᠂ | ᠡᠭᠦᠨ ᠳᠤ ᠤᠯᠠᠭᠠᠨᠬᠠᠳᠠ ᠬᠤᠲᠠ ᠳᠤ 78 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 35᠂ | ᠣᠩᠨᠢᠭᠤᠳ ᠬᠤᠰᠢᠭᠤᠨ ᠳᠤ 42︶᠂ ᠪᠠᠶᠠᠨᠨᠠᠭᠤᠷ ᠬᠤᠲᠠ ᠳᠤ 4 ︵ᠴᠥᠮ ᠯᠢᠨ ᠾᠧ ᠲᠣᠭᠤᠷᠢᠭ ᠲᠤ︶ ᠪᠣᠶ᠃ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 14᠂ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ 2 ᠪᠠᠶᠢᠵᠤ᠂ ᠴᠥᠮ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠴᠡᠭ | ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ | ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ | ᠲᠠᠷᠬᠠᠬᠤ ᠶᠢ ᠴᠢᠩᠭ᠎ᠠ ᠰᠡᠷᠭᠡᠶᠢᠯᠠᠵᠦ ᠪᠠᠶᠢᠨ᠎ᠠ᠃ | | |