ᠬᠢᠩᠭᠠᠨ ᠠᠶᠢᠮᠠᠭ ᠤᠨ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/30
                  ᠵᠠᠩ ᠰᠢᠶᠤᠤ ᠪᠢᠩ‌‍ᠰᠦ᠋ᠬᠡ ᠰᠢᠤᠢ ᠵᠦᠸᠧ ᠯᠢᠦ ᠱᠤ ᠴᠧᠩ ᠣᠷᠣᠯᠴᠠᠵᠠᠢ         9 ᠰᠠᠷ᠎ᠠ ᠶᠢᠨ 27 ᠤ ᠡᠳᠦᠷ ᠠᠴᠠ 29 ᠤ ᠡᠳᠦᠷ ᠪᠣᠯᠲᠠᠯ᠎ᠠ᠂ ᠪᠥᠬᠦ ᠠᠶᠢᠮᠠᠭ ᠵᠤᠭᠠᠴᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠬᠢᠵᠦ᠂ ᠭᠤᠤᠯᠳᠠᠯᠭ᠎ᠠ ᠲᠠᠢ ᠵᠤᠭᠠᠴᠠᠯ ᠤᠨ ᠦᠢᠯᠡᠰ ᠲᠤ ᠪᠣᠯᠪᠠᠰᠤᠷᠠᠯ ᠤᠨ ᠪᠠᠶᠢᠴᠠᠭᠠᠯᠲᠠ ᠬᠢᠵᠦ᠂ ᠡᠯ᠎ᠡ ᠭᠠᠵᠠᠷ ᠤᠨ ᠬᠤᠭᠤᠷᠣᠨᠳᠣ ᠪᠠᠨ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠠᠬᠢᠭᠤᠯᠤᠨ᠂  ᠵᠤᠭᠠᠴᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠪᠡ᠃         ᠬᠤᠷᠠᠯ ᠳᠤ ᠣᠷᠣᠯᠴᠠᠭᠰᠠᠨ ᠨᠥᠬᠦᠳ ᠤᠷᠢᠳ ᠬᠤᠵᠢᠳ 6 ᠬᠤᠰᠢᠭᠤ ᠰᠢᠶᠠᠨ ᠬᠤᠲᠠ ᠳᠤ ᠭᠦᠨᠵᠡᠭᠡᠶᠢᠷᠡᠵᠦ᠂ ᠨᠢᠳᠤᠨᠤᠨ ᠠᠴᠠ ᠨᠠᠰᠢ ᠰᠢᠨ᠎ᠡ ᠪᠠᠷ ᠠᠵᠢᠯ ᠡᠬᠢᠯᠡᠭᠦᠯᠵᠦ ᠪᠥᠲᠥᠭᠡᠨ ᠪᠠᠶᠢᠭᠤᠯᠤᠭᠰᠠᠨ 18 ᠭᠤᠤᠯᠳᠠᠯᠭ᠎ᠠ ᠲᠠᠢ ᠵᠤᠭᠠᠴᠠᠯ ᠤᠨ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠂ ᠡᠲᠡᠭᠡᠷ ᠲᠥᠷᠥᠯ ᠵᠦᠢᠯ ᠨᠢ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠲᠣᠰ ᠲᠣᠰ ᠤᠨ ᠣᠨᠴᠠᠯᠢᠭ ᠲᠠᠢ ᠪᠠᠶᠢᠵᠤ ᠂ ᠭᠢᠯᠠᠰ ᠴᠡᠭ ᠢᠶᠠᠷ ᠣᠯᠠᠨ ᠪᠠᠶᠢᠵᠤ᠂ ᠮᠠᠨ ᠤ ᠠᠶᠢᠮᠠᠭ ᠤᠨ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠬᠠᠷᠠᠭᠤᠯᠵᠠᠶ᠃ 29 ᠤ ᠡᠳᠦᠷ ᠤᠨ ᠦᠳᠡ ᠶᠢᠨ ᠬᠤᠶᠢᠨ᠎ᠠ ᠬᠤᠷᠠᠯᠳᠤᠭᠤᠯᠤᠭᠰᠠᠨ ᠳ᠋ᠦᠩᠨᠡᠯᠲᠡ ᠶᠢᠨ ᠬᠤᠷᠠᠯ ᠳᠡᠭᠡᠷ᠎ᠡ᠂ 6 ᠬᠤᠰᠢᠭᠤ ᠰᠢᠶᠠᠨ ᠬᠤᠲᠠ ᠪᠣᠯᠤᠨ 6 ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠠᠮᠵᠢᠯᠲᠠ ᠪᠠᠨ ᠶᠠᠷᠢᠵᠤ᠂ ᠰᠡᠳᠬᠢᠮᠵᠢ ᠪᠠᠨ ᠶᠠᠷᠢᠵᠤ᠂ ᠲᠥᠯᠥᠪᠯᠡᠭᠡ ᠪᠠᠨ ᠶᠠᠷᠢᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠯᠠᠪᠯᠠᠯᠲᠠ ᠪᠣᠯᠭᠠᠵᠤ᠂ ᠬᠠᠷᠢᠯᠴᠠᠨ ᠰᠡᠩᠬᠡᠷᠡᠭᠦᠯᠬᠦ ᠵᠣᠷᠢᠯᠭ᠎ᠠ ᠳᠠᠭᠠᠨ ᠭᠦᠷᠦᠭᠰᠡᠨ ᠪᠠᠶᠢᠨ᠎ᠠ᠃       ᠬᠤᠷᠠᠯ ᠠᠴᠠ  ᠵᠢᠭᠠᠵᠦ ᠭᠠᠷᠭᠠᠭᠰᠠᠨ ᠨᠢ᠂ ᠨᠢᠳᠤᠨᠤᠨ ᠠᠴᠠ ᠨᠠᠰᠢ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠵᠤᠭᠠᠴᠠᠯ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠤᠭᠠᠴᠠᠯ ᠤᠨ ᠦᠢᠯᠡᠰ ᠢ ᠠᠷᠠᠳ ᠢ ᠪᠠᠶᠠᠵᠢᠭᠤᠯᠤᠨ ᠠᠶᠢᠮᠠᠭ ᠢ ᠬᠦᠴᠦᠷᠬᠡᠭᠵᠢᠭᠦᠯᠬᠦ ᠭᠤᠣᠯᠯᠠᠭᠴᠢ ᠠᠵᠤ ᠦᠢᠯᠡᠰ ᠪᠣᠯᠭᠠᠨ ᠪᠤᠶᠢᠵᠢᠭᠤᠯᠵᠤ᠂ ᠤᠯᠤᠰ ᠤᠨ ᠳᠣᠲᠣᠭᠠᠳᠤ ᠶᠢᠨ ᠴᠢᠬᠤᠯᠠ ᠵᠤᠭᠠᠴᠠᠯ ᠤᠨ ᠬᠠᠷᠠᠯᠲᠠ ᠶᠢᠨ ᠣᠷᠣᠨ ᠢ ᠬᠦᠴᠦᠯᠡᠨ ᠪᠠᠶᠢᠭᠤᠯᠵᠤ᠂ ᠵᠤᠭᠠᠴᠠᠯ ᠤᠨ ᠦᠢᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠠᠢ᠃ ᠭᠡᠪᠡᠴᠦ ᠡᠭᠦᠨ ᠤ ᠵᠡᠷᠭᠡ ᠳᠤ᠂ ᠮᠠᠨ ᠤ ᠠᠶᠢᠮᠠᠭ ᠤᠨ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠰᠠᠭᠤᠷᠢ ᠪᠠᠰᠠ ᠨᠡᠯᠢᠶᠡᠳ ᠪᠠᠭᠤᠷᠠᠶ ᠪᠠᠶᠢᠵᠤ᠂ ᠪᠦᠬᠦᠯᠢ ᠴᠣᠭᠴᠠ ᠶᠢᠨ ᠬᠢᠷᠢ ᠲᠦᠪᠰᠢᠨ ᠪᠠᠰᠠ ᠲᠡᠶᠢᠮᠦ ᠥᠨᠳᠥᠷ ᠪᠢᠰᠢ ᠪᠠᠶᠢᠬᠤ ᠶᠢ ᠴᠤ ᠣᠯᠵᠤ ᠬᠠᠷᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠢᠲᠡᠭᠡᠯ ᠵᠣᠷᠢᠭ ᠢᠶᠠᠨ ᠪᠠᠲᠤᠳᠬᠠᠨ᠂ ᠵᠢᠭᠤᠯᠴᠢᠯᠠᠯ ᠤᠨ ᠠᠵᠢᠯ ᠤᠨ ᠤᠳᠤᠷᠢᠳᠤᠮᠵᠢ ᠶᠢ ᠶᠡᠬᠡᠪᠡᠷ ᠠᠳᠬᠤᠬᠤ ᠶᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠬᠠᠷᠠᠭ᠎ᠠ ᠪᠠᠨ ᠥᠷᠭᠡᠳᠬᠡᠨ᠂ ︽ᠤᠶᠠᠯᠳᠤᠭᠤᠯᠬᠤ︾ ᠠᠵᠢᠯ ᠢ ᠰᠠᠶᠢᠲᠤᠷ ᠬᠢᠵᠦ᠂  ᠵᠤᠭᠠᠴᠠᠯ ᠤᠨ ᠦᠢᠯᠡᠰ ᠢ ᠰᠢᠨᠲᠠᠷᠠᠰᠢ ᠥᠬᠡᠶ ᠪᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠠᠳᠬᠤᠵᠤ᠂ ᠪᠦᠳᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠲᠦᠷᠭᠡᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠪᠦᠯ ᠤᠨ ᠤᠯᠠᠷᠢᠯ ᠤᠨ ᠵᠤᠭᠠᠴᠠᠯ ᠪᠣᠯᠤᠨ ᠢᠷᠡᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ᠂ ᠪᠠᠷᠢᠯᠭ᠎ᠠ ᠶᠢᠨ ᠶᠠᠰᠤ ᠴᠢᠨᠠᠷ᠂ ᠭᠠᠷᠭᠠᠯᠲᠠ ᠶᠢᠨ ᠦᠷ᠎ᠡ ᠠᠰᠢᠭ ᠢ ᠴᠢᠬᠤᠯᠠᠴᠢᠯᠠᠵᠤ᠂ ᠴᠡᠭ ᠪᠣᠯᠤᠨ ᠨᠡᠶᠢᠳᠡᠮ ᠢ ᠤᠶᠠᠯᠳᠤᠭᠤᠯᠵᠤ᠂ ᠵᠤᠭᠠᠴᠠᠯ ᠤᠨ ᠦᠢᠯᠡᠰ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠵᠤᠭᠠᠴᠠᠯ ᠤᠨ ᠤᠬᠠᠭᠤᠯᠭ᠎ᠠ ᠶᠢ ᠤᠬᠠᠭᠠᠯᠠᠨ ᠲᠥᠯᠥᠪᠯᠡᠵᠦ ᠡᠵᠡᠩᠨᠡᠨ ᠪᠣᠷᠣᠯᠠᠭᠤᠯᠬᠤ ᠶᠢ ᠶᠡᠬᠡᠪᠡᠷ ᠴᠢᠩᠭᠠᠳᠬᠠᠵᠤ᠂ ᠬᠢᠩᠭᠠᠨ ᠠᠶᠢᠮᠠᠭ ᠤᠨ ᠣᠷᠣᠨ ᠪᠦᠰᠡ ᠶᠢᠨ ᠫᠠᠶᠢᠰᠠ ᠶᠢᠨ ᠳᠦᠷᠢ ᠲᠥᠷᠬᠦ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠡᠯ᠎ᠡ ᠲᠥᠷᠥᠯ ᠤᠨ ᠪᠠᠶᠠᠷ ᠳᠤᠷᠠᠰᠬᠠᠯ ᠤᠨ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠭᠤᠤᠯᠳᠠᠯᠭ᠎ᠠ ᠲᠠᠢ ᠠᠶᠠᠨᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠵᠦ ᠡᠵᠡᠩᠨᠡᠨ ᠪᠣᠷᠣᠯᠠᠭᠤᠯᠬᠤ ᠶᠢ ᠴᠢᠩᠭᠠᠳᠬᠠᠵᠤ᠂ ᠬᠢᠩᠭᠠᠨ ᠠᠶᠢᠮᠠᠭ ᠤᠨ ᠵᠤᠭᠠᠴᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠨ ᠢᠵᠢ ᠪᠦᠷᠢᠳᠦᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠲᠦᠷᠭᠡᠨ ᠣᠷᠣᠵᠤ ᠵᠤᠭᠠᠴᠠᠬᠤ︾ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠪᠠᠶᠢᠭᠤᠯᠵᠤ᠂ ᠢᠵᠢ ᠪᠦᠷᠢᠳᠦᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠠᠶᠢᠨ ᠰᠠᠶᠢᠬᠠᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠵᠤ᠂ ᠵᠢᠭᠤᠯᠴᠢᠯᠠᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠪᠦᠬᠦ ᠠᠶᠢᠮᠠᠭ ᠤᠨ ᠬᠦᠴᠦᠨ ᠢᠶᠠᠷ ᠷᠠᠰᠢᠶᠠᠨ ᠤ ᠤᠯᠤᠰ ᠤᠨ ᠲᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠳᠡᠮᠵᠢᠬᠦ ᠪᠠ ᠠᠬᠢᠭᠤᠯᠵᠤ᠂ ᠳᠡᠭᠡᠳᠦ ᠱᠠᠲᠤᠨ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ ᠪᠠᠢ ᠯᠠᠩ ᠬᠤᠸᠠ ᠷᠦᠨ ᠬᠦᠰᠡᠯ ᠤᠨ ᠵᠢᠵᠢᠭ ᠪᠠᠯᠭᠠᠰᠤᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠪᠦᠬᠦ ᠠᠶᠢᠮᠠᠭ ᠤᠨ ᠵᠤᠭᠠᠴᠠᠯ ᠤᠨ ᠦᠢᠯᠡᠰ ᠢ ᠪᠦᠬᠦ ᠣᠷᠣᠨ ᠪᠦᠰᠡ ᠪᠠᠷ ᠬᠥᠭᠵᠢᠶᠡᠨᠲᠡᠢ ᠪᠣᠯᠭᠠᠵᠤ᠂ ᠳᠦᠷᠪᠡᠨ ᠤᠯᠠᠷᠢᠯ ᠳᠤ ᠬᠥᠭᠵᠢᠶᠡᠨᠲᠡᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠪᠠ᠃         ᠬᠤᠷᠠᠯ ᠠᠴᠠ ᠪᠠᠰᠠ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠢᠷᠡᠬᠦ ᠵᠢᠯ ᠤᠨ ᠠᠵᠢᠯ ᠢ ᠲᠥᠯᠥᠪᠵᠢᠭᠦᠯᠬᠦ᠂ ︽ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠬᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠬᠦ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号