2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ  ᠰᠦᠢᠳᠭᠡᠯ ᠲᠤᠰᠢᠶᠠᠬᠤ ᠳᠤ ᠡᠷᠬᠡᠪᠰᠢ ᠮᠡᠳᠡᠬᠦ ᠵᠦᠢᠯ
ᠨᠡᠶᠢᠲᠡᠯᠡᠭᠰᠡᠨ ᠴᠠᠭ᠄
2022/9/7
 ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠬᠡᠪᠴᠢᠶ᠎ᠡ    1. ᠬᠢᠩᠭᠠᠨ ᠠᠶᠢᠮᠠᠭ ᠤᠨ ᠡᠷᠦᠬᠡ ᠠᠮᠠ ᠶᠢᠨ ᠲᠠᠩᠰᠠ ᠲᠠᠢ ᠮᠥᠷᠲᠡᠭᠡᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠥᠬᠡᠶ ᠠᠵᠢᠯ ᠣᠯᠤᠭᠰᠠᠨ ᠪᠤᠰᠤ ᠰᠠᠭᠤᠭᠠᠯᠢ ᠠᠷᠠᠳ  ᠃    2. ᠬᠢᠩᠭᠠᠨ ᠠᠶᠢᠮᠠᠭ ᠤᠨ ᠬᠠᠷᠢᠶ᠎ᠠ ᠣᠷᠣᠨ ᠳᠠᠬᠢ ᠣᠷᠣᠰᠢᠨ ᠰᠠᠭᠤᠬᠤ ᠦᠨᠡᠮᠯᠡᠯ ︵ᠰᠢᠶᠠᠩᠭᠠᠩ ᠣᠣᠮᠧᠨ ᠲᠠᠶᠢᠸᠠᠨ ᠤ ᠡᠷᠦᠬᠡ ᠠᠮᠠ ᠶᠢᠨ ᠲᠠᠩᠰᠠ ᠶᠢ ᠪᠠᠭᠲᠠᠭᠠᠨ᠎ᠠ︶ ᠲᠠᠢ ᠲᠣᠰ ᠠᠶᠢᠮᠠᠭ ᠤᠨ ᠡᠷᠦᠬᠡ ᠠᠮᠠ ᠶᠢᠨ ᠲᠠᠩᠰᠠ ᠶᠢᠨ ᠪᠤᠰᠤ ᠮᠥᠷᠲᠡᠭᠡᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ᠃ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠪᠠᠷᠢᠮᠵᠢᠶ᠎ᠠ    ᠬᠤᠪᠢ ᠬᠥᠮᠦᠨ ᠤ ᠲᠤᠰᠢᠶᠠᠬᠤ  ᠰᠦᠢᠳᠭᠡᠯ᠄ 380 ᠲᠥᠭᠦᠷᠢᠭ \ ᠬᠥᠮᠦᠨ᠃    ᠠᠩᠬᠠᠷᠬᠤ ᠵᠦᠢᠯ᠄ 2023 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠬᠥᠮᠦᠨ ᠪᠦᠷᠢ ᠳᠤ 990 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠂  ᠡᠭᠦᠨ ᠳᠤ᠄ ᠬᠤᠪᠢ ᠬᠥᠮᠦᠨ ᠤ  ᠰᠦᠢᠳᠭᠡᠯ ᠲᠤᠰᠢᠶᠠᠬᠤ ᠪᠠᠷᠢᠮᠵᠢᠶ᠎ᠠ ᠨᠢ 380 ᠲᠥᠭᠦᠷᠢᠭ / ᠬᠥᠮᠦᠨ ᠪᠠᠶᠢᠵᠤ᠂ ᠤᠯᠤᠰ ᠤᠨ ᠨᠥᠬᠦᠪᠥᠷᠢ ᠨᠢ 610 ᠲᠥᠭᠦᠷᠢᠭ / ᠬᠥᠮᠦᠨ ᠠᠴᠠ ᠳᠣᠤᠷ᠎ᠠ ᠪᠠᠶᠢᠵᠤ ᠪᠣᠯᠬᠤ ᠥᠬᠡᠶ᠃    ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠢᠴᠢ ᠬᠠᠷᠠᠭᠠᠯᠵᠠᠯ ᠬᠦᠷᠲᠡᠬᠦ ᠴᠠᠭ    ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠠᠭ᠄ 2022 ᠣᠨ ᠤ 9 ᠰᠠᠷ᠎ᠠ ᠶᠢᠨ 1 ᠤ ᠡᠳᠦᠷ — 2023 ᠣᠨ ᠤ 3 ᠰᠠᠷ᠎ᠠ ᠶᠢᠨ24 ᠤ ᠡᠳᠦᠷ   ᠬᠠᠷᠠᠭᠠᠯᠵᠠᠯ ᠬᠦᠷᠲᠡᠬᠦ ᠴᠠᠭ᠄ 2023 ᠣᠨ ᠤ 1 ᠰᠠᠷ᠎ᠠ ᠶᠢᠨ 1 ᠤ ᠡᠳᠦᠷ — 2023 ᠣᠨ ᠤ12 ᠰᠠᠷ᠎ᠠ ᠶᠢᠨ31 ᠤ ᠡᠳᠦᠷ    ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ    ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠭᠰᠠᠨ ᠬᠥᠮᠦᠰ ᠰᠢᠶᠠᠩ ᠪᠠᠯᠭᠠᠰᠤ ᠶᠢᠨ ᠬᠠᠮᠲᠤᠷᠠᠨ ᠬᠠᠮᠢᠶᠠᠷᠬᠤ ᠠᠯᠪᠠᠨ ᠬᠡᠷ ᠪᠤᠶᠤ ᠬᠤᠰᠢᠭᠤ ᠰᠢᠶᠠᠨ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠬᠦᠷᠴᠦ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ ᠶᠢ ᠭᠦᠢᠴᠡᠳᠭᠡᠭᠰᠡᠨ ᠤ ᠳᠠᠷᠠᠭ᠎ᠠ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠲᠠᠢ ᠠᠳᠠᠯᠢ ᠪᠠᠷ᠂ ᠳᠣᠤᠷᠠᠬᠢ ᠰᠦᠢᠳᠭᠡᠯ ᠲᠤᠰᠢᠶᠠᠬᠤ ᠠᠷᠭ᠎ᠠ ᠮᠠᠶ᠋ᠢᠭ ᠤᠨ ᠨᠢᠭᠡ ᠶᠢ ᠰᠣᠩᠭᠤᠵᠤ  ᠰᠦᠢᠳᠭᠡᠯ ᠲᠤᠰᠢᠶᠠᠨ᠎ᠠ᠃    ᠥᠪᠡᠷ ᠢᠶᠠᠨ ᠰᠦᠢᠳᠭᠡᠯ ᠲᠤᠰᠢᠶᠠᠬᠤ    ᠳᠠᠭᠠᠳᠬᠠᠯ ᠳᠤ ᠣᠷᠣᠯᠴᠠᠭᠴᠢ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ APP᠂ ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠲᠦᠭᠦᠮ ᠫᠷᠤᠭ᠍ᠷᠠᠮ᠂ ᠸᠢᠴᠠᠲ ᠂ ᡁᠢ ᠹᠦ᠋ ᠪᠤᠤ᠂   ᠮᠦᠩᠬᠡ ᠰᠤᠪᠠᠭ ᠵᠡᠷᠭᠡ ᠠᠷᠭ᠎ᠠ ᠵᠠᠮ ᠢᠶᠠᠷ ᠥᠪᠡᠷ ᠢᠶᠠᠨ ᠲᠤᠰᠢᠶᠠᠵᠤ ᠪᠣᠯᠤᠨ᠎ᠠ᠃    ᠡᠮᠦᠨ᠎ᠡ ᠲᠠᠪᠴᠠᠩ ᠳᠤ ᠰᠦᠢᠳᠭᠡᠯ ᠲᠤᠰᠢᠶᠠᠬᠤ    ᠳᠠᠭᠠᠳᠬᠠᠯ ᠳᠤ ᠣᠷᠣᠯᠴᠠᠭᠴᠢ ᠡᠷᠦᠬᠡ ᠠᠮᠠ ᠶᠢᠨ ᠳᠡᠪᠲᠡᠷ ᠪᠤᠶᠤ ᠪᠡᠶ᠎ᠡ ᠶᠢᠨ ᠦᠨᠡᠮᠯᠡᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠭᠠᠶᠢᠯᠢ  ᠭᠦᠢᠴᠡᠳᠭᠡᠬᠦ  ᠦᠢᠯᠡᠴᠢᠯᠡᠭᠡᠨ ᠤ ᠲᠢᠩᠬᠢᠮ ᠤᠨ ᠡᠮᠦᠨ᠎ᠡ ᠲᠠᠪᠴᠠᠩ ᠳᠤ ᠬᠦᠷᠴᠦ ᠰᠦᠢᠳᠭᠡᠯ ᠲᠤᠰᠢᠶᠠᠵᠤ ᠪᠣᠯᠤᠨ᠎ᠠ᠃    ᠣᠷᠣᠯᠠᠨ ᠬᠤᠷᠢᠶᠠᠵᠤ ᠣᠷᠣᠯᠠᠨ ᠲᠤᠰᠢᠶᠠᠬᠤ    ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠠᠴᠠ ᠲᠤᠰᠬᠠᠶ ᠬᠥᠮᠦᠨ ᠢᠶᠠᠷ ᠭᠠᠵᠠᠷ ᠣᠷᠣᠨ ᠤ ᠪᠤᠶᠢᠳᠠ ᠪᠥᠭᠯᠡᠭᠦᠤ᠂ ᠬᠥᠳᠡᠯᠵᠦ ᠪᠠᠷᠢᠬᠤ ᠳᠤ ᠳᠥᠭᠦᠮ ᠦᠭᠡᠢ ᠪᠤᠶᠤ ᠥᠪᠡᠰᠦᠪᠡᠨ ᠰᠦᠢᠳᠭᠡᠯ ᠲᠤᠰᠢᠶᠠᠬᠤ ᠳᠤ ᠳᠣᠭᠢᠷᠠᠬᠤ ᠥᠬᠡᠶ ᠬᠥᠮᠦᠰ ᠢ ᠵᠢᠭᠠᠨ ᠲᠣᠭᠲᠠᠭᠠᠵᠤ᠂ ᠬᠡᠷ ᠲᠤᠨᠢ ᠬᠦᠷᠴᠦ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠶᠢ ᠬᠡᠷᠡᠭᠵᠢᠭᠦᠯᠦᠨ᠎ᠡ᠃    ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠷᠭ᠎ᠠ ᠮᠠᠶ᠋ᠢᠭ ︵ᠳᠣᠤᠷ᠎ᠠ ᠣᠷᠣᠯᠭ᠎ᠠ ᠲᠠᠢ ᠬᠥᠮᠦᠨ ᠠᠮᠠ︶    ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠬᠤᠪᠢ ᠬᠥᠮᠦᠨ ᠤ ᠲᠤᠰᠢᠶᠠᠬᠤ  ᠰᠦᠢᠳᠭᠡᠯ ᠤᠨ ᠬᠡᠰᠡᠭ ᠢ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠯᠠ ᠮᠥᠩᠭᠦ ᠪᠠᠷ ᠪᠥᠬᠦ ᠲᠤᠭ᠎ᠠ ᠪᠠᠷ ᠲᠤᠰᠠᠯᠠᠨ᠎ᠠ  ᠃    ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠶᠢᠨ ᠬᠤᠪᠢ ᠬᠥᠮᠦᠨ ᠤ ᠲᠤᠰᠢᠶᠠᠬᠤ ᠰᠦᠢᠳᠭᠡᠯ  ᠤᠨ ᠬᠡᠰᠡᠭ ᠢ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠯᠠ ᠮᠥᠩᠭᠦ ᠶᠢᠨ 80% ᠪᠠᠷ ᠲᠤᠰᠠᠯᠠᠨ᠎ᠠ  ᠃    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠬᠥᠮᠦᠰ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠬᠡᠰᠡᠭ  ᠢ ᠡᠮᠴᠢᠯᠡᠭᠡᠨ ᠤ ᠠᠪᠤᠷᠠᠨ ᠲᠤᠰᠠᠯᠠᠬᠤ ᠪᠠᠯᠠ ᠮᠥᠩᠭᠦ ᠶᠢᠨ 70%  ᠵᠣᠭᠤᠰ ᠮᠥᠩᠭᠦ ᠪᠠᠷ  ᠲᠤᠰᠠᠯᠠᠨ᠎ᠠ  ᠃    ᠠᠩᠬᠠᠷᠬᠤ ᠵᠦᠢᠯ᠄ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠠᠳᠤᠶ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠪᠠᠷᠢᠮᠵᠢᠶ᠎ᠠ ᠶᠣᠰᠣᠭᠠᠷ ᠬᠠᠰᠤᠵᠤ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠵᠤ ᠳᠠᠭᠠᠳᠬᠠᠯ ᠳᠤ ᠣᠷᠣᠭᠤᠯᠬᠤ ᠲᠥᠷᠥ ᠶᠢᠨ ᠪᠣᠳᠣᠯᠭ᠎ᠠ ᠶᠢ ᠳᠠᠭᠢᠵᠤ ᠭᠥᠷᠳᠡᠬᠦ ᠥᠬᠡᠶ᠃    ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠠᠷᠭ᠎ᠠ ᠮᠠᠶ᠋ᠢᠭ ︵ᠨᠢᠷᠠᠶ ᠬᠡᠤᠬᠡᠳ︶    ᠨᠢᠷᠠᠶ ᠬᠡᠦᠬᠡᠳ ᠲᠥᠷᠥᠭᠰᠡᠨ ᠤ ᠳᠠᠷᠠᠭ᠎ᠠ 90 ᠡᠳᠦᠷ ︵90 ᠡᠳᠦᠷ ᠢ ᠪᠠᠭᠲᠠᠭᠠᠨ᠎ᠠ︶ ᠤᠨ ᠳᠣᠲᠣᠷ᠎ᠠ ᠬᠢᠨᠠᠨ ᠬᠠᠮᠠᠭᠠᠯᠠᠭᠴᠢ ᠨᠢ ᠨᠢᠷᠠᠶ ᠬᠡᠦᠬᠡᠳ ᠤᠨ ᠦᠨᠡᠨ ᠨᠡᠷ᠎ᠡ ᠪᠠ ᠬᠦᠴᠦᠨ ᠲᠠᠢ ᠪᠡᠶ᠎ᠡ ᠶᠢᠨ ᠬᠢᠷᠢ ᠬᠡᠮ ᠤᠨ ᠭᠡᠷᠡᠴᠢ ᠪᠠᠷ ᠰᠠᠭᠤᠭᠠᠯᠢ ᠠᠷᠠᠳ ᠤᠨ ᠳᠠᠭᠠᠳᠬᠠᠯ ᠳᠤ ᠣᠷᠣᠬᠤ ᠳᠡᠩᠰᠡᠯᠡᠯᠲᠡ ᠶᠢ ᠭᠦᠢᠴᠡᠳᠭᠡᠵᠦ᠂ ᠲᠥᠷᠥᠭᠰᠡᠨ ᠲᠤᠬᠠᠶ ᠶᠢᠨ ᠵᠢᠯ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠲᠤᠰᠢᠶᠠᠭᠰᠠᠨ ᠤ ᠳᠠᠷᠠᠭ᠎ᠠ᠂ ᠲᠥᠷᠥᠭᠰᠡᠨ ᠡᠳᠦᠷ ᠠᠴᠠ ᠡᠬᠢᠯᠡᠨ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ  ᠤᠷᠤᠭᠤᠯᠤᠨ᠎ᠠ᠃   ᠠᠰᠠᠭᠤᠨ ᠯᠠᠪᠯᠠᠬᠤ ᠤᠳᠠᠰᠤ    ᠷᠠᠰᠢᠶᠠᠨ ᠬᠤᠲᠠ᠄ 0482-7885032    ᠵᠠᠯᠠᠶᠢᠳ ᠬᠤᠰᠢᠭᠤᠨ ᠄ 0482-6718019    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠄ 0482-8399386    ᠤᠯᠠᠭᠠᠨᠬᠤᠲᠠ ᠄ 0482-8221765    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠄ 0482-4653567    ᠲᠦᠴᠢᠦᠸᠠᠨ ᠰᠢᠶᠠᠨ᠄ 0482-5132408
 
ᠢᠷᠡᠯᠲᠡ᠄ ᠬᠢᠩᠭᠠᠨ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号