ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠢᠭᠡ ᠮᠥᠴᠡ ᠴᠦ ᠵᠣᠭᠰᠣᠯ ᠦᠭᠡᠢ ᠠᠬᠢᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ ᠯᠢ ᠰᠢ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2023/1/11
        ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 9 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 9 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ᠂ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠳᠤ ᠬᠤᠯᠪᠣᠭᠳᠠᠬᠤ ᠥᠨᠳᠥᠷᠴᠡ ᠳᠤ ᠵᠣᠭᠰᠣᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠮ ᠤᠨ ᠤᠷᠲᠤ ᠬᠤᠭᠤᠴᠠᠭᠠᠨ ᠤ ᠪᠠᠶᠢᠯᠳᠤᠬᠤ ᠪᠣᠳᠣᠯᠭ᠎ᠠ᠂ ᠥᠨᠢᠳᠡ ᠶᠢᠨ ᠰᠡᠳᠦᠪ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠦᠢᠯᠪᠤᠷᠢᠲᠠᠢ ᠪᠠᠷ ᠥᠪᠡᠷ ᠪᠡᠶ᠎ᠡ ᠶᠢᠨ ᠬᠤᠪᠰᠢᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠠᠭᠠᠷᠢᠯᠲᠠ ᠶᠢᠨ ᠪᠦᠷᠢᠶ᠎ᠡ ᠶᠢ ᠥᠨᠢᠳᠡ ᠬᠠᠩᠭᠢᠨᠠᠭᠤᠯᠵᠤ᠂ ᠴᠢᠩᠭ᠎ᠠ ᠪᠠᠶᠢᠬᠤ ᠦᠨᠳᠦᠰᠦᠨ ᠬᠥᠭ ᠠᠶᠠᠰ᠂ ᠴᠢᠩᠭ᠎ᠠ ᠪᠠᠶᠢᠬᠤ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ᠭᠤᠷᠪᠠᠨ ᠢᠯᠭᠠᠭ᠎ᠠ  ᠲᠠᠢ ᠪᠠᠷ ᠬᠠᠨᠳᠤᠬᠤ︾ ᠶᠢ ᠪᠠᠷᠢᠮᠲᠠᠯᠠᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠨᠡᠩ ᠰᠠᠶᠢᠲᠤᠷ ᠬᠥᠭᠵᠢᠭᠡᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠪᠠ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠪᠠ᠃    ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠯᠢ ᠰᠢ ᠬᠤᠷᠠᠯ ᠢ ᠡᠷᠬᠢᠯᠡᠵᠡᠢ᠃
   
   1 ᠰᠠᠷ᠎ᠠ ᠶᠢᠨ 9 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ᠃       ᠰᠢ ᠶᠢᠨ ᠫᠢᠩ᠂ ᠲᠥᠷᠥ ᠶᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠢ᠂ ᠨᠠᠮ ᠮᠠᠨᠳᠤᠪᠠᠯ ᠰᠠᠶ᠋ᠢ ᠤᠯᠤᠰ ᠭᠥᠷᠥᠨ ᠬᠦᠴᠦᠷᠬᠡᠭᠵᠢᠵᠦ  ᠴᠢᠳᠠᠨ᠎ᠠ᠃ ᠰᠢᠨ᠎ᠡ ᠴᠠᠭ ᠦᠶ᠎ᠡ ᠶᠢᠨ ᠠᠷᠪᠠᠨ ᠵᠢᠯ ᠳᠤ᠂ ᠨᠠᠮ ᠤᠨ ᠲᠥᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ︽ᠲᠦᠷᠪᠡᠨ ᠪᠦᠬᠦ ᠲᠠᠯ᠎ᠠ︾ ᠶᠢᠨ  ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠬᠢᠲᠤᠭ᠎ᠠ ᠶᠢᠨ ᠢᠷ ᠢ ᠳᠣᠲᠣᠭᠰᠢ ᠬᠠᠨᠳᠤᠭᠤᠯᠵᠤ᠂ ᠶᠠᠰᠤ ᠶᠢ ᠬᠤᠰᠤᠵᠤ ᠬᠤᠣᠷ ᠢ ᠠᠷᠢᠯᠭᠠᠵᠤ᠂  ᠬᠦᠴᠦᠲᠡᠢ ᠡᠮ ᠢᠶᠠᠷ ᠠᠷᠬᠠᠭ ᠢ ᠠᠷᠢᠯᠭᠠᠵᠤ᠂ ᠬᠦᠨᠳᠦ ᠡᠷᠡᠭᠦᠦ ᠰᠢᠢᠳᠬᠡᠯ ᠢᠶᠠᠷ ᠰᠠᠮᠠᠭᠤᠷᠠᠯ ᠢ ᠵᠠᠰᠠᠵᠤ᠂ ᠨᠠᠮ ᠢ ᠬᠤᠪᠢᠰᠬᠠᠯᠲᠤ ᠴᠢᠨᠠᠷᠲᠠᠢ ᠳᠠᠪᠲᠠᠯᠲᠠ ᠳᠤᠮᠳᠠ ᠨᠡᠩ  ᠪᠠᠲᠤ ᠴᠢᠩᠭ᠎ᠠ ᠬᠦᠴᠦᠨ ᠲᠠᠢ ᠪᠣᠯᠭᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠶᠤᠮ᠂ ᠲᠣᠮᠣ ᠨᠠᠮ ᠳᠤ ᠯᠠ ᠪᠠᠶᠢᠳᠠᠭ  ᠬᠦᠴᠢᠷ ᠠᠰᠠᠭᠤᠳᠠᠯ ᠢ ᠰᠢᠢᠳᠪᠦᠷᠢᠯᠡᠬᠦ ᠰᠣᠨᠣᠷ ᠰᠡᠷᠡᠮᠵᠢ ᠪᠠ ᠡᠷᠡᠰ ᠵᠣᠷᠢᠭ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠢ᠃ ᠬᠡᠷᠬᠢᠨ ᠢᠮᠠᠭᠲᠠ ᠤᠭ ᠰᠠᠨᠠᠭ᠎ᠠ ᠪᠠᠨ  ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠡᠷᠬᠢᠨ ᠢᠮᠠᠭᠲᠠ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠬᠡᠷᠬᠢᠨ ᠢᠮᠠᠭᠲᠠ ᠬᠦᠴᠦᠷᠬᠡᠭ ᠶᠡᠭᠡ ᠲᠦᠷᠦ ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ ᠲᠠᠢ ᠪᠠᠶᠢᠵᠤ᠂ ᠬᠡᠷᠬᠢᠨ ᠢᠮᠠᠭᠲᠠ ᠠᠵᠢᠯ ᠬᠢᠵᠦ ᠦᠢᠯᠡᠰ ᠪᠣᠰᠬᠠᠬᠤ ᠵᠣᠷᠢᠭ ᠰᠠᠨᠠᠭᠠᠨ ᠤ ᠪᠠᠶᠢᠳᠠᠯ ᠢᠶᠠᠨ ᠪᠠᠲᠤᠯᠠᠵᠤ᠂ ᠬᠡᠷᠬᠢᠨ ᠢᠮᠠᠭᠲᠠ ᠲᠣᠰ ᠪᠡᠶ᠎ᠡ ᠳᠡᠭᠡᠨ ᠣᠷᠣᠰᠢᠵᠤ ᠪᠠᠶᠢᠭ᠎ᠠ ᠠᠰᠠᠭᠤᠳᠠᠯ ᠢᠶᠠᠨ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠬᠡᠷᠬᠢᠨ ᠢᠮᠠᠭᠲᠠ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠬᠤ ᠪᠣᠯ ᠴᠥᠮ ᠮᠠᠨ ᠤ ᠡᠨᠡ ᠬᠦ ᠲᠣᠮᠣ ᠨᠠᠮ ᠤᠨ ᠡᠷᠬᠡᠪᠰᠢ ᠰᠢᠢᠳᠪᠦᠷᠢᠯᠡᠬᠦ ᠣᠨᠴᠠ ᠪᠠᠶᠢᠳᠠᠭ ᠬᠦᠴᠢᠷ ᠠᠰᠠᠭᠤᠳᠠᠯ ᠪᠣᠯᠣᠨ᠎ᠠ᠃ ᠡᠳᠡᠭᠡᠷ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠡᠷᠬᠡᠪᠰᠢ ᠲᠤᠭᠤᠯᠬᠤ ᠴᠢᠬᠤᠯᠠᠲᠠᠢ ᠳᠠᠪᠠᠭ᠎ᠠ ᠪᠣᠯᠣᠨ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠬᠤ ᠳᠤ ᠡᠷᠬᠡᠪᠰᠢ  ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠪᠣᠯᠣᠨ᠎ᠠ ᠭᠡᠵᠦ ᠵᠢᠭᠠᠵᠤ ᠭᠠᠷᠭᠠᠵᠠᠢ᠃         ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠬᠤ ᠪᠣᠯ ᠪᠦᠬᠦ ᠲᠠᠯ᠎ᠠ ᠶᠢᠨ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠠᠵᠢᠯ ᠮᠥᠨ᠃ ᠰᠢᠨ᠎ᠡ ᠴᠠᠭ ᠦᠶ᠎ᠡ ᠶᠢᠨ ᠠᠷᠪᠠᠨ ᠵᠢᠯ ᠳᠤ᠂ ᠮᠠᠨ ᠤ ᠨᠠᠮ ᠥᠪᠡᠷ ᠪᠡᠶ᠎ᠡ ᠶᠢᠨ ᠬᠤᠪᠢᠰᠬᠠᠯ ᠬᠢᠬᠦ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠲᠠᠰᠤᠷᠠᠯᠳᠡ   ᠦᠭᠡᠢ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠲᠠᠰᠤᠷᠠᠯᠳᠡ ᠦᠭᠡᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠨᠢ ᠨᠢᠭᠡ ᠠᠭᠤᠯᠬᠤᠨ ᠢᠶᠠᠷ ᠪᠠᠶᠠᠯᠢᠭ᠂ ᠴᠢᠳᠠᠮᠵᠢ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠥᠨᠳᠥᠷ   ᠪᠦᠲᠦᠮᠵᠢᠲᠡᠢ ᠬᠥᠳᠡᠯᠦᠩᠭᠦᠢ ᠰᠢᠰᠲ᠋ᠧᠮ ᠪᠠᠶᠢᠬᠤ ᠬᠡᠷᠡᠭᠲᠡᠢ᠃ ᠡᠨᠡ ᠬᠦ ᠰᠢᠰᠲ᠋ᠧᠮ ᠢ ᠲᠡᠭᠦᠯᠳᠡᠷᠵᠢᠭᠦᠯᠬᠦ ᠳᠤ᠂ ᠳᠦᠷᠢᠮ ᠢᠶᠠᠷ ᠨᠠᠮ ᠢ ᠵᠠᠰᠠᠬᠤ᠂ ᠳᠦᠷᠢᠮ ᠲᠣᠭᠲᠠᠭᠠᠯ  ᠶᠣᠰᠣᠭᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠣᠷᠭᠠᠨᠢᠭ ᠢᠶᠠᠷ ᠵᠣᠯᠭᠠᠭᠤᠯᠬᠤ᠂ ᠬᠤᠯᠪᠣᠯᠳᠤᠭᠤᠯᠤᠨ ᠨᠡᠶᠢᠳᠬᠡᠬᠦ᠂ ᠬᠠᠮᠵᠢᠯᠴᠠᠭᠤᠯᠤᠨ ᠵᠣᠬᠢᠴᠠᠭᠤᠯᠬᠤ ᠶᠢ ᠨᠡᠩ ᠲᠤᠪᠤᠶᠢᠯᠭᠠᠵᠦ᠂ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠ ᠬᠠᠤᠯᠢ ᠲᠣᠭᠲᠠᠭᠠᠯ ᠳᠦᠷᠢᠮ ᠢ  ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠪᠣᠯᠭᠠᠬᠤ ᠶᠢ ᠨᠡᠩ ᠲᠤᠪᠤᠶᠢᠯᠭᠠᠵᠦ᠂ ᠵᠠᠰᠠᠯᠲᠠ ᠶᠢᠨ ᠣᠶᠢᠯᠠᠭᠠᠭᠳᠠᠬᠤᠨ᠂ ᠰᠢᠰᠲ᠋ᠧᠮ ᠤᠨ ᠦᠵᠡᠯᠲᠡ᠂ ᠬᠤᠪᠢᠰᠤᠩᠭᠤᠢ  ᠰᠡᠳᠬᠢᠬᠦᠢ ᠪᠠᠷ ᠨᠠᠮ ᠢ ᠬᠠᠮᠢᠶᠠᠷᠴᠤ ᠨᠠᠮ ᠢ ᠵᠠᠰᠠᠵᠤ ᠨᠠᠮ ᠢ ᠪᠠᠶᠢᠭᠤᠯᠬᠤ ᠶᠢ ᠨᠡᠩ ᠲᠤᠪᠤᠶᠢᠯᠭᠠᠬᠤ ᠬᠡᠷᠡᠭᠲᠡᠢ᠃ ᠠᠭᠤᠯᠭ᠎ᠠ ᠶᠢᠨ ᠲᠠᠯ᠎ᠠ ᠪᠠᠷ ᠪᠦᠬᠦᠨ ᠢ ᠬᠠᠮᠤᠷᠬᠤ᠂  ᠪᠥᠬᠦ ᠡᠲᠡᠭᠡᠳ ᠢ ᠬᠠᠮᠤᠷᠬᠤ᠂ ᠬᠠᠷᠢᠭᠤᠴᠠᠯᠭ᠎ᠠ ᠶᠢᠨ ᠲᠠᠯ᠎ᠠ ᠪᠠᠷ ᠪᠦᠬᠦᠨ ᠢ ᠬᠡᠯᠬᠢᠶᠡᠵᠢᠭᠦᠯᠬᠦ᠂ ᠳᠦᠷᠢᠮ ᠤᠨ ᠲᠠᠯ᠎ᠠ ᠪᠠᠷ ᠪᠦᠬᠦᠨ ᠢ ᠨᠡᠪᠲᠡᠷᠡᠭᠦᠯᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠴᠢᠨᠠᠭᠰᠢᠳᠠ ᠪᠦᠷᠢᠨᠰᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ  ᠴᠠᠭ ᠦᠶᠡᠴᠢ ᠴᠢᠨᠠᠷ ᠢ ᠨᠡᠩ ᠰᠠᠶᠢᠲᠤᠷ ᠢᠯᠡᠷᠡᠭᠦᠯᠵᠦ᠂ ᠵᠢᠮ᠎ᠡ ᠶᠣᠰᠣᠴᠢ ᠴᠢᠨᠠᠷ ᠢ ᠡᠵᠡᠮᠰᠢᠬᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠣᠯᠭᠠᠬᠤ ᠬᠡᠷᠡᠭᠲᠡᠢ ᠭᠡᠵᠦ  ᠴᠢᠬᠤᠯᠠᠴᠢᠯᠠᠵᠠᠢ᠃        ᠰᠢ ᠶᠢᠨ ᠫᠢᠩ᠂ ᠬᠦᠴᠦᠲᠡᠢ ᠤᠯᠤᠰ ᠲᠥᠷᠥ ᠶᠢᠨ ᠬᠢᠨᠠᠯᠲᠠ ᠲᠠᠯᠪᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠬᠢᠨᠠᠯᠲᠠ ᠲᠠᠯᠪᠢᠯᠲᠠ ᠪᠣᠯ ᠪᠦᠬᠦ ᠨᠠᠮ ᠤᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠶᠢ ᠱᠠᠯᠠᠪᠳᠠᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ     ᠪᠣᠳᠠᠲᠠᠶᠢᠵᠢᠭᠤᠯᠬᠤ᠂ ᠣᠨᠣᠪᠴᠢᠲᠠᠢ ᠪᠣᠯᠭᠠᠬᠤ᠂ ᠪᠠᠶᠢᠩᠭᠤᠵᠢᠭᠤᠯᠬᠤ ᠳᠡᠭᠡᠷ᠎ᠡ ᠨᠡᠩ ᠶᠡᠭᠡ ᠬᠦᠴᠦ ᠲᠠᠯᠪᠢᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠯᠠᠭ᠎ᠠ ᠮᠥᠴᠢᠷ᠂ ᠠᠵᠢᠯ ᠲᠦᠷᠦᠯ᠂ ᠬᠦᠷᠢᠶ᠎ᠡ ᠴᠠᠷᠠᠭᠠᠨ ᠤ  ᠪᠣᠳᠠᠲᠠᠢ ᠪᠠᠶᠢᠳᠠᠯ ᠲᠠᠢ ᠨᠢᠭᠲᠠ ᠤᠶᠠᠯᠳᠤᠭᠤᠯᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ  ᠲᠠᠯ᠎ᠠ ᠪᠠᠷ ᠲᠤᠭᠤᠰᠢᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭ᠎ᠠ ᠠᠴᠠ ᠪᠠᠨ ᠪᠠᠶᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠰᠠᠶᠢᠲᠤᠷ ᠨᠠᠶᠢᠳᠠᠪᠤᠷᠢᠵᠢᠭᠤᠯᠤᠭᠰᠠᠨ ᠡᠰᠡᠬᠦ ᠶᠢ ᠦᠵᠡᠬᠦ   ᠬᠡᠷᠡᠭᠲᠡᠢ︔ ᠨᠠᠮ ᠤᠨ ᠲᠥᠪ ᠬᠤᠷᠢᠶᠠᠨ ᠤ ᠳᠤᠷᠠᠳᠤᠭᠰᠠᠨ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ᠂ ᠴᠢᠬᠤᠯᠠ ᠲᠦᠷᠦ ᠶᠢᠨ ᠪᠣᠳᠣᠯᠭ᠎ᠠ᠂  ᠴᠢᠬᠤᠯᠠ ᠱᠠᠭᠠᠷᠳᠠᠯᠭ᠎ᠠ ᠶᠢ ᠬᠢᠷᠢ ᠵᠡᠷᠭᠡ ᠲᠤᠭᠤᠰᠢᠯᠠᠭᠤᠯᠤᠭᠰᠠᠨ ᠢ ᠦᠵᠡᠨ᠎ᠡ︔ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠳᠤ ᠬᠠᠷᠢᠶᠠᠯᠠᠭᠳᠠᠬᠤ   ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠡᠰᠡᠬᠦ ᠶᠢ ᠦᠵᠡᠨ᠎ᠡ᠃ ᠵᠠᠷᠯᠢᠭᠳᠠᠵᠤ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠬᠤᠷᠢᠭᠯᠠᠬᠤ   ᠦᠭᠡᠢ᠂ ᠰᠣᠩᠭᠤᠯᠲᠠ ᠬᠢᠬᠦ᠂ ᠥᠭᠡᠷᠡᠲᠦᠭᠦᠯᠦᠨ ᠬᠤᠪᠢᠷᠠᠭᠤᠯᠵᠤ᠂ ᠲᠡᠷᠡ ᠶᠣᠰᠣᠭᠠᠷ ᠨᠢ ᠬᠡᠷᠡᠭᠵᠢᠭᠦᠯᠬᠦ ᠦᠭᠡᠢ᠂ ᠶᠡᠭᠡ ᠲᠠᠯ᠎ᠠ ᠶᠢ ᠬᠠᠶᠢᠬᠤᠷᠬᠤ ᠦᠭᠡᠢ᠂ ᠰᠠᠯᠠᠭ᠎ᠠ  ᠮᠥᠴᠢᠷ ᠪᠠ ᠣᠷᠣᠨ ᠨᠤᠲᠤᠭ ᠤᠨ ᠬᠠᠮᠠᠭᠠᠯᠠᠬᠤ ᠦᠵᠡᠯ ᠢ ᠶᠠᠪᠤᠭᠤᠯᠬᠤ᠂ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠬᠦ᠂ ᠳᠡᠭᠡᠷ᠎ᠡ ᠳᠣᠣᠷᠠᠳᠤ ᠱᠠᠲᠤ ᠪᠠᠷ ᠢᠶᠠᠨ ᠴᠥᠮ ᠪᠦᠳᠦᠭᠦᠯᠢᠭ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠣᠨᠣᠪᠴᠢᠲᠠᠢ ᠣᠯᠵᠤ ᠢᠯᠡᠷᠡᠭᠦᠯᠦᠨ᠂ ᠲᠤᠭᠤᠰᠢᠯᠠᠭᠤᠯᠤᠨ ᠬᠡᠷᠡᠭᠵᠢᠭᠦᠯᠬᠦ ᠳᠤᠮᠳᠠᠬᠢ   ᠲᠦᠭᠵᠢᠷᠡᠯ ᠪᠡᠷᠬᠡ ᠠᠰᠠᠭᠤᠳᠠᠯ ᠢ ᠦᠨᠡᠨ ᠬᠦ ᠨᠡᠪᠲᠡᠷᠡᠭᠦᠯᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠬᠦᠴᠦᠲᠡᠢ ᠪᠦᠲᠦᠮᠵᠢᠲᠡᠢ ᠡᠳᠦᠷ ᠲᠤᠳᠤᠮ ᠤᠨ ᠬᠢᠨᠠᠯᠲᠠ ᠪᠠᠷ ᠡᠯ᠎ᠡ   ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠰᠢ ᠶᠢᠨ ᠫᠢᠩ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠢ ᠲᠣᠭᠲᠠᠭᠠᠨ ᠬᠡᠷᠡᠭᠵᠢᠭᠦᠯᠦᠭᠰᠡᠨ ᠨᠢ ᠮᠠᠨ ᠤ ᠨᠠᠮ ᠤᠨ ᠰᠢᠨ᠎ᠡ ᠴᠠᠭ ᠦᠶ᠎ᠡ ᠶᠢᠨ   ᠢᠲᠡᠭᠡᠯ ᠬᠦᠨᠳᠦ ᠲᠠᠢ ᠠᠵᠢᠯᠯᠠᠭ᠎ᠠ ᠪᠣᠯᠣᠨ᠎ᠠ᠂ ᠡᠷᠬᠡᠪᠰᠢ ᠴᠥᠬᠦᠷᠡᠰᠢ ᠦᠭᠡᠢ ᠠᠳᠬᠤᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠲᠠᠯ ᠢ ᠦᠨᠡᠨ ᠬᠦ  ᠰᠠᠶᠢᠵᠢᠷᠠᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ᠃ ᠵᠢᠷᠭᠠᠨ ᠴᠡᠩᠭᠡᠬᠦ  ᠦᠵᠡᠯ᠂ ᠱᠠᠯᠢᠨ ᠪᠦᠷᠢᠯᠭᠡᠬᠦ ᠰᠤᠷᠲᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢᠨ ᠭᠠᠵᠠᠷ ᠣᠷᠣᠨ ᠤ ᠴᠢᠨᠠᠷᠲᠠᠢ᠂ ᠠᠵᠢᠯ  ᠲᠦᠷᠦᠯ ᠤᠨ ᠴᠢᠨᠠᠷᠲᠠᠢ᠂ ᠱᠠᠲᠤ ᠦᠶᠡᠴᠢ ᠴᠢᠨᠠᠷᠲᠠᠢ ᠣᠨᠴᠠᠯᠢᠭ ᠢ ᠡᠵᠡᠮᠳᠡᠨ᠂ ᠨᠡᠶᠢᠳᠡᠮ ᠡᠭᠦᠰᠦᠭᠰᠡᠨ᠂ ᠲᠠᠬᠢᠨ ᠳᠠᠪᠲᠠᠨ ᠢᠯᠡᠷᠡᠭᠰᠡᠨ ᠠᠰᠠᠭᠤᠳᠠᠯ ᠢ ᠠᠳᠬᠤᠨ  ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ ᠬᠤᠭᠤᠴᠠᠭ᠎ᠠ ᠪᠦᠲᠦᠮᠵᠢᠲᠡᠢ ᠪᠣᠯᠬᠤ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠣᠨᠢᠨ ᠳᠡᠭᠡᠷ᠎ᠡ ᠨᠢ ᠴᠡᠭᠴᠡᠯᠡᠨ  ᠵᠠᠰᠠᠵᠤ᠂ ᠬᠠᠲᠠᠭᠤ ᠲᠠᠢ ᠨᠢ ᠬᠠᠯᠳᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠦ ᠴᠢᠬᠤᠯᠠᠴᠢᠯᠠᠪᠠ᠃        ᠰᠢ ᠶᠢᠨ ᠫᠢᠩ᠂ ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ︽ᠴᠡᠭᠡᠷ ᠬᠡᠮᠵᠢᠭᠦᠷᠯᠢᠭ︾ ᠮᠥᠨ᠂ ᠪᠠᠰᠠ ᠴᠤ ᠨᠠᠮ ᠤᠨ ᠭᠡᠰᠢᠭᠦᠨ᠂ ᠺᠠᠳ᠋ᠷ ᠤᠨ  ᠲᠣᠰ ᠪᠡᠶ᠎ᠡ ᠶᠢᠨ ᠦᠶ᠋ᠯᠡ ᠠᠵᠢᠯᠯᠠᠭ᠎ᠠ ᠪᠠᠨ ᠬᠢᠵᠠᠭᠠᠷᠯᠠᠬᠤ ᠪᠠᠷᠢᠮᠵᠢᠶ᠎ᠠ ᠪᠠ ᠵᠢᠷᠤᠮᠯᠠᠯ ᠮᠥᠨ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ  ᠲᠠᠯᠪᠢᠵᠤ᠂ ᠨᠠᠮ ᠤᠨ ᠳᠦᠷᠢᠮ ᠲᠣᠭᠲᠠᠭᠠᠯ ᠲᠣᠭᠲᠠᠭᠠᠬᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠬᠢᠬᠦ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ  ᠲᠠᠯᠪᠢᠬᠤ ᠪᠦᠬᠦ ᠶᠠᠪᠤᠴᠠ ᠳᠤ ᠴᠥᠮ ᠴᠢᠩᠭ᠎ᠠ ᠪᠠᠶᠢᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠶᠢ ︽ᠬᠤᠷᠴᠠ ᠰᠢᠳᠦ ᠪᠣᠯᠭᠠᠬᠤ︾  ᠂   ᠡᠷᠬᠡ ᠰᠦᠷ ᠢ ᠨᠢ ᠮᠠᠨᠳᠤᠭᠤᠯᠬᠤ ᠮᠥᠷᠲᠡᠭᠡᠨ ᠪᠠᠰᠠ ᠺᠠᠳ᠋ᠷᠴᠤᠳ ᠢ ᠴᠢᠬᠤᠯᠠᠴᠢᠯᠠᠵᠤ᠂ ᠰᠡᠷᠡᠮᠵᠢᠯᠡᠭᠦᠯᠵᠦ᠂ ᠤᠬᠠᠭᠠᠷᠠᠭᠤᠯᠵᠤ᠂ ᠪᠦᠬᠦ ᠨᠠᠮ ᠢ ᠳᠦᠷᠢᠮ ᠲᠣᠭᠲᠠᠭᠠᠯ ᠢ  ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠭᠠᠬᠤ ᠬᠡᠷᠡᠭᠲᠡᠢ᠃ ᠡᠪ ᠬᠠᠮᠲᠤ ᠨᠠᠮ ᠤᠨ ᠭᠡᠰᠢᠭᠦᠨ ᠨᠢᠭᠡ ᠪᠦᠷᠢ ᠢᠯᠠᠩᠭᠤᠶ᠎ᠠ ᠤᠳᠤᠷᠢᠳᠬᠤ ᠺᠠᠳ᠋ᠷᠴᠤᠳ ᠴᠥᠮ ᠨᠠᠮ ᠤᠨ ᠳᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ ᠨᠡᠩ ᠤᠬᠠᠮᠰᠠᠷ ᠠᠴᠠ ᠪᠠᠨ ᠨᠠᠮ ᠤᠨ ᠳᠦᠷᠢᠮ ᠢ ᠰᠤᠷᠤᠯᠴᠠᠨ᠂  ᠨᠠᠮ ᠤᠨ ᠳᠦᠷᠢᠮ ᠢ ᠵᠢᠷᠤᠮᠯᠠᠵᠤ᠂ ᠨᠠᠮ ᠤᠨ ᠳᠦᠷᠢᠮ ᠢ ᠲᠤᠭᠤᠰᠢᠯᠠᠭᠤᠯᠤᠨ᠂ ᠨᠠᠮ ᠤᠨ ᠳᠦᠷᠢᠮ ᠢ ᠬᠠᠮᠠᠭᠠᠯᠠᠵᠤ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ  ᠰᠠᠬᠢᠯᠭ᠎ᠠ ᠪᠠᠲᠤ ᠪᠠᠷ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠦᠯᠢᠶᠡᠰᠦᠯᠡᠨ᠂ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠢᠶᠠᠨ  ᠴᠢᠩᠭᠠᠳᠬᠠᠵᠤ᠂ ᠬᠢᠨᠠᠯᠲᠠ ᠪᠠ ᠬᠢᠵᠠᠭᠠᠷᠯᠠᠯ ᠢ ᠬᠦᠯᠢᠶᠡᠬᠦ ᠣᠷᠴᠢᠨ ᠨᠥᠬᠦᠴᠡᠯ ᠤᠨ ᠳᠤᠮᠳᠠ ᠠᠵᠢᠯᠯᠠᠵᠤ ᠠᠮᠢᠳᠤᠷᠠᠬᠤ ᠳᠠᠳᠬᠠᠯ ᠲᠠᠢ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠨᠡᠮᠡᠭᠳᠡᠯ ᠢ ᠬᠤᠷᠢᠭᠯᠠᠬᠤ᠂  ᠦᠯᠡᠳᠡᠭᠳᠡᠯ ᠢ ᠠᠷᠢᠯᠭᠠᠬᠤ ᠡᠭᠦᠷᠭᠡ ᠮᠥᠨ ᠬᠦ ᠪᠡᠷᠬᠡ ᠬᠠᠲᠠᠭᠤᠵᠢᠯᠲᠠᠢ ᠪᠠᠶᠢᠨ᠎ᠠ᠃ ᠡᠷᠬᠡᠪᠰᠢ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ᠂ ᠰᠢᠰᠲ᠋ᠧᠮ ᠲᠠᠢ ᠵᠠᠰᠠᠬᠤ ᠶᠢ ᠭᠦᠨᠵᠡᠭᠡᠶᠢᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ  ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ ᠲᠠᠯ᠎ᠠ ᠪᠠᠷ ᠦᠷᠭᠦᠯᠵᠢᠯᠡᠨ ᠳᠠᠷᠤᠯᠲᠠ ᠥᠭᠴᠦ᠂ ᠣᠭᠲᠣ ᠠᠭᠤᠴᠢᠯᠠᠬᠤ ᠦᠭᠡᠢ᠂  ᠵᠢᠷᠦᠬᠡᠰᠢᠶᠡᠯ ᠢ ᠬᠤᠪᠢᠷᠠᠭᠤᠯᠬᠤ ᠦᠭᠡᠢ᠂ ᠥᠨᠳᠥᠷ ᠳᠠᠷᠤᠯᠲᠠᠲᠤ ᠵᠠᠯᠬᠠᠭᠠᠨ ᠰᠢᠢᠳᠬᠡᠬᠦ ᠬᠦᠴᠦᠨ ᠢ ᠢᠮᠠᠭᠲᠠ ᠪᠠᠲᠤᠯᠠᠵᠤ᠂ ᠰᠠᠨᠠᠭ᠎ᠠ ᠪᠠᠨ ᠬᠤᠷᠢᠶᠠᠬᠤ ᠦᠭᠡᠢ   ᠭᠠᠷ ᠢᠶᠠᠨ ᠲᠠᠲᠠᠬᠤ ᠦᠭᠡᠢ᠂ ᠵᠣᠷᠢᠭ ᠢᠶᠠᠷ ᠢᠶᠠᠨ ᠠᠭᠠᠰᠢᠯᠡᠭ᠌ᠰᠠᠳ ᠢ ᠡᠷᠡᠰ ᠵᠠᠯᠬᠠᠭᠠᠨ ᠰᠢᠢᠳᠭᠡᠵᠦ᠂ ᠤᠯᠤᠰ ᠲᠦᠷᠦ ᠶᠢᠨ ᠠᠰᠠᠭᠤᠳᠠᠯ ᠪᠣᠯᠣᠨ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ ᠺᠠᠳ᠋ᠷ ᠠᠰᠢᠭ ᠲᠤᠰᠠ ᠶᠢᠨ ᠪᠦᠯᠦᠭᠯᠡᠯ ᠪᠣᠯᠣᠨ ᠡᠷᠬᠡ ᠰᠦᠷᠲᠦ   ᠪᠦᠯᠬᠦᠮ ᠤᠨ ᠲᠥᠯᠥᠭᠡᠯᠡᠭᠴᠢ᠂ ᠣᠷᠣᠯᠠᠭᠴᠢ ᠪᠣᠯᠬᠤ ᠶᠢ ᠡᠷᠡᠰ ᠰᠡᠷᠭᠡᠶᠢᠯᠡᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠰᠥᠯᠪᠡᠭᠡᠯᠳᠦᠬᠦ᠂ ᠬᠥᠷᠥᠩᠭᠡ ᠤᠯᠤᠰ  ᠲᠦᠷᠦ ᠶᠢᠨ ᠬᠦᠷᠢᠶᠡᠨ ᠳᠤ ᠨᠡᠪᠴᠢᠬᠦ ᠵᠡᠷᠭᠡ ᠤᠯᠤᠰ ᠲᠦᠷᠦ ᠶᠢᠨ ᠠᠮᠢ ᠠᠬᠤᠢ ᠪᠣᠯᠣᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠡᠪᠳᠡᠬᠦ ᠶᠢ  ᠡᠷᠡᠰ ᠰᠡᠷᠭᠡᠶᠢᠯᠡᠬᠦ ᠬᠡᠷᠡᠭᠲᠡᠢ᠃ ᠨᠡᠯᠢᠶᠡᠳ ᠲᠣᠪᠤᠶᠢᠮ᠎ᠠ ᠪᠠᠶᠢᠭ᠎ᠠ ᠠᠵᠢᠯ ᠲᠦᠷᠦᠯ ᠤᠨ ᠴᠢᠨᠠᠷᠲᠠᠢ᠂ ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠬᠡᠷᠡᠭᠲᠡᠢ᠃ ᠢᠯᠵᠠᠷᠠᠵᠤ ᠦᠯᠦ ᠪᠣᠯᠬᠤ ᠲᠠᠯ᠎ᠠ ᠪᠠᠷ ᠭᠦᠨᠵᠡᠭᠡᠶᠢᠷᠡᠭᠦᠯᠦᠨ ᠥᠷᠭᠡᠳᠬᠡᠵᠦ᠂ ᠢᠯᠵᠠᠷᠠᠯ ᠢ  ᠡᠰᠡᠷᠭᠦᠴᠡᠬᠦ ᠪᠣᠭᠤᠮᠲᠠ ᠶᠢ ᠤᠷᠤᠭᠰᠢ ᠠᠬᠢᠭᠤᠯᠤᠨ᠂ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ  ᠲᠠᠯᠪᠢᠬᠤ ᠲᠣᠭᠲᠠᠴᠠ ᠶᠢᠨ ᠥᠭᠡᠷᠡᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠢᠯᠵᠠᠷᠠᠯ ᠤᠨ ᠡᠭᠦᠰᠦᠨ ᠳᠡᠯᠭᠡᠷᠡᠬᠦ ᠶᠢ ᠰᠡᠷᠭᠡᠶᠢᠯᠡᠨ ᠵᠠᠰᠠᠬᠤ  ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠪᠠᠬᠢᠵᠢᠭᠦᠯᠦᠨ ᠳᠡᠭᠡᠭᠰᠢᠯᠡᠭᠦᠯᠵᠦ᠂ ᠦᠨᠳᠦᠰᠦᠨ ᠠᠴᠠ ᠨᠢ  ᠴᠡᠭᠴᠡᠯᠡᠨ ᠵᠠᠰᠠᠬᠤ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠲᠤᠳᠬᠠᠬᠤ ᠶᠢ ᠨᠡᠩ ᠴᠢᠬᠤᠯᠠᠴᠢᠯᠠᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ  ᠪᠠᠶᠢᠭᠤᠯᠤᠯᠲᠠ ᠶᠢ ᠴᠢᠩᠭᠠᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠰᠢᠨ᠎ᠡ ᠰᠤᠷᠲᠠᠯ ᠢ ᠪᠤᠶᠢᠵᠢᠭᠤᠯᠬᠤ  ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠪᠦᠲᠦᠮᠵᠢᠲᠡᠢ ᠨᠠᠪᠲᠠᠷᠡᠭᠦᠯᠵᠦ᠂ ᠡᠨᠡ  ᠭᠤᠷᠪᠠᠨ ᠲᠠᠯ᠎ᠠ ᠪᠠᠷ ᠵᠡᠷᠭᠡ ᠪᠠᠷ ᠬᠦᠴᠦᠯᠡᠵᠦ᠂ ᠢᠵᠢᠯ ᠴᠢᠭᠯᠡᠯ ᠢᠶᠠᠷ ᠬᠦᠴᠦᠯᠡᠵᠦ᠂ ᠶᠡᠷᠦᠩᠬᠡᠶᠢᠯᠡᠨ ᠬᠦᠴᠦᠯᠡᠵᠦ᠂ ᠢᠯᠵᠠᠷᠠᠬᠤ ᠠᠴᠠ ᠵᠢᠷᠦᠬᠡᠰᠢᠶᠡᠬᠦ ᠰᠦᠷᠳᠡᠭᠦᠯᠬᠦ  ᠬᠦᠴᠦᠨ᠂ ᠢᠯᠵᠠᠷᠠᠵᠤ ᠪᠣᠯᠬᠤ ᠦᠭᠡᠢ ᠪᠠᠶᠢᠬᠤ ᠬᠦᠯᠢᠶᠡᠰᠦᠯᠡᠬᠦ ᠬᠦᠴᠦᠨ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠤᠷᠢᠶᠠᠯᠠᠬᠤ ᠬᠦᠴᠦᠨ ᠢ ᠤᠶᠠᠯᠳᠤᠭᠤᠯᠬᠤ  ᠬᠡᠷᠡᠭᠲᠡᠢ᠃ ᠬᠡᠭᠡᠯᠢ ᠲᠦᠯᠬᠢᠬᠦ ᠶᠢ ᠵᠠᠯᠬᠠᠭᠠᠨ ᠰᠢᠢᠳᠬᠡᠬᠦ ᠬᠠᠤᠯᠢ ᠲᠣᠭᠲᠠᠭᠠᠯ ᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠭᠡᠯᠢ ᠲᠦᠯᠬᠢᠭᠴᠢ ᠶᠢ   ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠲᠡᠳᠡᠭᠡᠷ ︽ᠠᠷᠤ ᠲᠦᠰᠢᠭ︾ ᠲᠠᠢ ︽ᠤᠯᠤᠰ ᠲᠦᠷᠦ ᠶᠢᠨ ᠮᠡᠬᠡᠯᠡᠭᠴᠢ︾ ᠳᠤ   ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃       ᠰᠢ ᠶᠢᠨ ᠫᠢᠩ᠂ ᠨᠠᠮ ᠠᠴᠠ ᠨᠢᠭᠡᠳᠦᠯᠲᠡᠢ ᠤᠳᠤᠷᠢᠳᠤᠭᠰᠠᠨ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠶ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠬᠦ ᠪᠣᠯ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠪᠡᠯᠭᠡ ᠲᠡᠮᠳᠡᠭ ᠮᠥᠨ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯᠯᠠᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠲᠦᠷᠦᠯ ᠤᠨ  ᠬᠢᠨᠠᠯᠲᠠ ᠲᠠᠯᠪᠢᠬᠤ ᠬᠦᠴᠦᠨ ᠢ ᠨᠡᠶᠢᠳᠬᠡᠬᠦ᠂ ᠲᠡᠰ ᠳᠠᠷᠠᠭᠠᠯᠠᠯ ᠢ ᠵᠣᠬᠢᠴᠠᠭᠤᠯᠬᠤ᠂ ᠠᠵᠢᠯ ᠢ ᠠᠭᠤᠰᠤᠯᠴᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ  ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰᠬᠠᠢ  ᠬᠠᠷᠢᠭᠤᠴᠠᠯᠭ᠎ᠠ ᠶᠢᠨ ᠬᠢᠨᠠᠯᠲᠠ ᠲᠠᠯᠪᠢᠬᠤ ᠶᠢ ᠪᠣᠳᠠᠲᠠᠢ ᠬᠢᠵᠦ᠂ ᠬᠢᠨᠠᠯᠲᠠ ᠲᠠᠯᠪᠢᠬᠤ ᠲᠠᠪᠴᠠᠩ ᠢ ᠪᠠᠶᠢᠭᠤᠯᠵᠤ᠂ ᠬᠢᠨᠠᠯᠲᠠ ᠲᠠᠯᠪᠢᠬᠤ ᠲᠣᠣᠷ ᠢ ᠨᠢᠭᠲᠠ ᠰᠦᠯᠵᠢᠵᠦ᠂  ᠨᠠᠮ ᠤᠨ ᠬᠤᠷᠢᠶ᠎ᠠ ᠶᠢ ᠬᠠᠮᠵᠢᠨ ᠬᠢᠨᠠᠯᠲᠠ ᠲᠠᠯᠪᠢᠬᠤ ᠰᠢᠰᠲ᠋ᠧᠮ ᠤᠨ ᠥᠨᠳᠥᠷ ᠪᠦᠲᠦᠮᠵᠢᠲᠡᠢ ᠡᠷᠭᠢᠯᠲᠡ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ   ᠬᠤᠷᠴᠠ ᠰᠡᠯᠡᠮ᠎ᠡ ᠶᠢ ᠨᠡᠩ ᠢᠷ ᠲᠠᠢ ᠪᠣᠯᠭᠠᠵᠤ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠭᠤᠯᠵᠤ᠂ ᠬᠤᠷᠴᠠ ᠰᠡᠯᠡᠮ᠎ᠡ ᠶᠢ ᠢᠮᠠᠭᠲᠠ ᠥᠨᠳᠥᠷ ᠲᠤ ᠡᠯᠭᠦᠨ᠂  ᠵᠢᠷᠦᠬᠡᠰᠢᠶᠡᠭᠦᠯᠦᠨ ᠰᠦᠷᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠴᠢᠬᠤᠯᠠ   ᠬᠦᠴᠦᠨ ᠮᠥᠨ᠂ ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠶᠡᠭᠡ ᠶᠤᠮ᠂ ᠡᠷᠬᠡᠪᠰᠢ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠬᠠᠲᠠᠭᠤ ᠳᠠᠶᠢᠯᠠᠯᠳᠤᠭᠠᠨ ᠬᠢᠵᠦ᠂ ᠴᠢᠳᠠᠮᠠᠭᠠᠢ ᠪᠠᠷ ᠲᠡᠮᠡᠴᠡᠵᠦ᠂ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠳᠤᠮᠳᠠ ᠢᠮᠠᠭᠲᠠ ᠡᠮᠦᠨ᠎ᠡ ᠨᠢ ᠭᠠᠪᠰᠢᠭᠠᠶᠢᠯᠠᠬᠤ ᠬᠡᠷᠡᠭᠲᠡᠢ᠃ ᠨᠠᠮᠴᠢ ᠴᠢᠨᠠᠷ ᠢᠶᠠᠷ ᠬᠥᠮᠥᠨ ᠪᠣᠯᠵᠤ ᠠᠵᠢᠯ ᠬᠢᠬᠦ ᠶᠢ ᠪᠠᠷᠢᠮᠲᠠᠯᠠᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠮᠦᠨ᠎ᠡ ᠹᠷᠣᠨᠲ ᠲᠤ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠭᠤᠣᠯᠳᠠᠯᠭ᠎ᠠ ᠶᠢᠨ  ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠠᠶᠤᠯ ᠲᠦᠭᠰᠢᠭᠦᠷᠢ  ᠥᠷᠢᠰᠦᠯᠳᠦᠭᠡᠨ ᠤ ᠳᠤᠮᠳᠠ ᠪᠠᠲᠤ ᠴᠢᠩᠭ᠎ᠠ ᠬᠠᠯᠬᠠᠪᠴᠢ ᠶᠢ ᠴᠣᠭᠴᠠᠯᠠᠬᠤ ᠬᠡᠷᠡᠭᠲᠡᠢ᠃ ᠬᠠᠤᠯᠢᠵᠢᠯ ᠤᠨ ᠤᠬᠠᠮᠰᠠᠷ᠂ ᠳᠡᠰ ᠳᠠᠷᠠᠭᠠᠯᠠᠯ ᠤᠨ ᠤᠬᠠᠮᠰᠠᠷ᠂ ᠭᠡᠷᠡᠴᠢ  ᠪᠠᠷᠢᠮᠲᠠ ᠶᠢᠨ ᠤᠬᠠᠮᠰᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠤᠮᠵᠢᠭᠰᠠᠨ᠂ ᠬᠠᠤᠯᠢᠵᠢᠭᠰᠠᠨ᠂  ᠵᠢᠩᠬᠢᠨᠢᠴᠢᠯᠡᠭᠰᠡᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ  ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠴᠢᠩᠭ᠎ᠠ ᠬᠠᠮᠢᠶᠠᠷᠴᠤ᠂ ᠰᠢᠰᠲ᠋ᠧᠮ ᠤᠨ ᠳᠣᠲᠣᠷᠠᠬᠢ  ᠢᠯᠵᠠᠷᠠᠮᠠᠯ ᠡᠲᠡᠭᠡᠳ ᠢ ᠴᠢᠩᠭ᠎ᠠ ᠵᠠᠯᠬᠠᠭᠠᠨ ᠰᠢᠢᠳᠭᠡᠵᠦ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠳᠠᠯ ᠢ ᠡᠷᠡᠰ ᠰᠡᠷᠭᠡᠶᠢᠯᠡᠨ ᠵᠠᠰᠠᠬᠤ ᠬᠡᠷᠡᠭᠲᠡᠢ᠃ ᠤᠳᠠᠯ ᠦᠭᠡᠢ ᠪᠦᠬᠦ ᠨᠠᠮ ᠤᠨ ᠬᠡᠪᠴᠢᠶᠡᠨ ᠳᠤ ᠥᠷᠨᠢᠭᠦᠯᠬᠦ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠦᠵᠡᠯ ᠰᠠᠨᠠᠭ᠎ᠠ ᠪᠠᠨ ᠴᠡᠪᠡᠷᠰᠢᠭᠦᠯᠬᠦ᠂ ᠵᠣᠬᠢᠶᠠᠨ ᠪᠠᠶᠢᠭᠤᠯᠤᠯᠲᠠ ᠪᠠᠨ ᠴᠡᠪᠡᠷᠰᠢᠭᠦᠯᠬᠦ ᠶᠢ ᠲᠣᠪᠤᠶᠢᠮ᠎ᠠ ᠠᠰᠠᠭᠤᠳᠠᠯ ᠪᠣᠯᠭᠠᠨ ᠠᠳᠬᠤᠵᠤ᠂ ᠤᠯᠤᠰ ᠲᠦᠷᠦ ᠶᠢᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠢ  ᠦᠨᠡᠨ ᠬᠦ ᠴᠢᠩᠭᠠᠳᠬᠠᠵᠤ᠂ ᠬᠠᠤᠯᠢ ᠰᠠᠬᠢᠯᠭ᠎ᠠ ᠶᠢ ᠴᠢᠩᠳᠠᠯᠠᠵᠤ᠂ ᠤᠯᠠᠨ ᠢ ᠲᠦᠢᠪᠡᠭᠡᠭᠴᠢ ᠶᠢ ᠡᠷᠡᠰ ᠴᠡᠪᠡᠷᠯᠡᠵᠦ᠂ ᠲᠡᠮᠦᠷ ᠮᠡᠲᠦ ᠰᠠᠬᠢᠯᠭ᠎ᠠ ᠪᠠᠲᠤ ᠪᠠᠷ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠪᠣᠯᠣᠳ ᠴᠡᠷᠢᠭ ᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠯᠢ ᠰᠢ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠲᠣᠮᠣ ᠨᠠᠮ ᠳᠤ ᠣᠨᠴᠠ ᠪᠠᠶᠢᠳᠠᠭ ᠬᠦᠴᠢᠷ    ᠠᠰᠠᠭᠤᠳᠠᠯ ᠤᠨ ᠪᠦᠷᠢᠯᠳᠦᠭᠰᠡᠨ ᠰᠢᠯᠲᠠᠭᠠᠨ᠂ ᠭᠤᠣᠯ ᠢᠯᠡᠷᠡᠯ ᠪᠣᠯᠣᠨ ᠰᠢᠢᠳᠪᠦᠷᠢᠯᠡᠬᠦ ᠵᠠᠮ ᠢ ᠭᠦᠨᠵᠡᠭᠡᠢ ᠵᠠᠳᠠᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ  ᠰᠢᠰᠲ᠋ᠧᠮ ᠢ ᠪᠦᠷᠢᠨᠰᠢᠭᠦᠯᠬᠦ ᠬᠠᠷᠠᠯᠲᠠ ᠡᠭᠦᠷᠭᠡ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ  ᠵᠠᠰᠠᠬᠤ ᠶᠢ ᠭᠤᠶᠢᠪᠢᠰᠢ ᠦᠭᠡᠢ ᠭᠦᠨᠵᠡᠭᠡᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠦᠵᠡᠯ ᠰᠠᠨᠠᠭ᠎ᠠ ᠨᠢ ᠭᠦᠨ ᠭᠦᠨᠵᠡᠭᠡᠢ᠂ ᠠᠭᠤᠯᠬᠤᠨ ᠨᠢ ᠪᠠᠶᠠᠯᠢᠭ᠂ ᠥᠭᠦᠯᠡᠯᠲᠡ ᠨᠢ ᠨᠠᠷᠢᠨ ᠲᠣᠳᠣᠷᠬᠠᠢ᠂ ᠮᠠᠰᠢ ᠴᠢᠩᠭ᠎ᠠ ᠤᠯᠤᠰ ᠲᠥᠷᠥᠴᠢ  ᠴᠢᠨᠠᠷ᠂ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠦᠨᠳᠦᠰᠦᠨ ᠵᠢᠷᠤᠮᠯᠠᠯ᠂  ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ  ᠵᠢᠯᠣᠭᠤᠳᠤᠯᠭ᠎ᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ  ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠬᠦ  ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠠᠭ ᠢᠮᠠᠭᠲᠠ ᠵᠣᠭᠰᠣᠯ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ  ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠰᠠᠶᠢᠲᠤᠷ ᠡᠬᠢᠯᠡᠭᠦᠯᠬᠦ ᠳᠤ  ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠬᠤᠷᠢᠳᠤᠭᠠᠷ  ᠬᠤᠭᠤᠴᠠᠭᠠᠨ ᠤ ᠲᠥᠪ ᠬᠤᠷᠢᠶᠠᠨ ᠤ ᠭᠡᠰᠢᠭᠦᠨ ᠪᠣᠯᠬᠤ ᠨᠠᠮ ᠪᠣᠯᠣᠨ ᠲᠦᠷᠦ ᠶᠢᠨ ᠪᠤᠰᠤᠳ ᠤᠳᠤᠷᠢᠳᠬᠤ ᠨᠥᠬᠦᠳ᠂ ᠲᠥᠪ ᠤᠨ ᠴᠡᠷᠢᠭ ᠤᠨ ᠶᠠᠪᠤᠳᠠᠯ ᠤᠨ  ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃  ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠲᠥᠪ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ  ᠪᠦᠯᠬᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ  ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ  ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ   ᠬᠤᠷᠠᠯ ᠤᠨ ᠲᠠᠯᠠᠪᠠᠢ ᠲᠣᠬᠢᠷᠠᠭᠤᠯᠪᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ  ᠬᠤᠷᠠᠯ 1 ᠰᠠᠷ᠎ᠠ ᠶᠢᠨ 9 ᠤ ᠡᠳᠦᠷ ᠪᠡᠭᠡᠵᠢᠩ ᠳᠤ ᠡᠬᠢᠯᠡᠪᠡ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠢ ᠡᠷᠬᠢᠯᠡᠪᠡ᠃   9 ᠤ ᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠨᠠᠮ ᠤᠨ ᠬᠤᠷᠢᠳᠤᠭᠠᠷ  ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠠᠶᠠᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ   ᠦᠭᠡᠢ ᠠᠬᠢᠭᠤᠯᠤᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号