ᠸᠠᠩ ᠰᠢᠶᠣᠣ ᠬᠤᠸᠠᠨ 2023 ᠣᠨ ᠤ ᠠᠩᠬᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/12
     1 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠷᠠᠰᠢᠶᠠᠨ ᠬᠤᠲᠠ ᠶᠢᠨ ᠳᠠᠷᠤᠭ᠎ᠠ ᠸᠠᠩ ᠰᠢᠶᠣᠣ ᠬᠤᠸᠠᠨ 2023 ᠣᠨ ᠤ ᠠᠩᠬᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ 2023 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠠ ᠬᠢᠨᠠᠨ ᠵᠥᠪᠰᠢᠶᠡᠷᠡᠬᠦ ᠠᠬᠢᠴᠠ ᠶᠢᠨ ᠪᠠᠶᠢᠳᠠᠯ ᠢ ᠰᠤᠳᠤᠯᠤᠨ ᠰᠣᠨᠣᠰᠴᠤ᠂ ︽ᠷᠠᠰᠢᠶᠠᠨ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠢ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ︵ᠰᠠᠨᠠᠯ ᠬᠤᠷᠢᠶᠠᠬᠤ ᠨᠣᠣᠷᠠᠭ︶︾ ︽ᠷᠠᠰᠢᠶᠠᠨ ᠬᠤᠲᠠ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠲᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠲᠥᠯᠦᠪᠵᠢᠭᠦᠯᠭᠡ ︵2021 — 2025︶︾ ᠵᠡᠷᠭᠡ ᠬᠠᠮᠢᠶ᠎ᠠ ᠪᠦᠬᠦᠢ ᠵᠦᠢᠯᠡᠰ ᠢ ᠰᠤᠳᠤᠯᠤᠨ ᠬᠢᠨᠠᠨ ᠵᠥᠪᠯᠡᠪᠡ᠃    ᠬᠤᠷᠠᠯ ᠠᠴᠠ᠂ ᠡᠯ᠎ᠡ ᠪᠠᠯᠭᠠᠰᠤ ᠵᠡᠭᠡᠯᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ᠂ ᠨᠡᠩ ᠴᠤ ᠷᠠᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠭᠠᠷᠳᠠᠴᠠ ᠪᠣᠯᠬᠤ ᠶᠢ ᠭᠦᠢᠴᠡᠳ ᠲᠠᠨᠢᠬᠤ ᠬᠡᠷᠡᠭᠲᠡᠢ᠃ ︽ᠲᠦᠷᠦᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠲᠦᠷᠦᠯ ᠵᠦᠢᠯ ᠢ ᠠᠳᠬᠤᠵᠤ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠠᠪᠤᠴᠠ ᠳᠠᠬᠢ ᠲᠦᠭᠵᠢᠷᠡᠯ ᠢ ᠣᠨᠣᠪᠴᠢᠲᠠᠢ ᠣᠯᠵᠤ᠂ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠡᠷᠲᠡᠭᠡᠨ ᠠᠵᠢᠯ ᠡᠬᠢᠯᠡᠭᠦᠯᠬᠦ᠂ ᠡᠷᠲᠡᠭᠡᠨ ᠨᠠᠶᠢᠳᠠᠪᠤᠷᠢᠵᠢᠭᠤᠯᠬᠤ᠂ ᠡᠷᠲᠡᠭᠡᠨ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠦᠬᠦ ᠲᠠᠯ᠎ᠠ ᠪᠠᠷ ᠡᠮᠬᠢᠯᠡᠨ ᠵᠠᠳᠠᠯᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠣᠨᠣᠪᠴᠢᠲᠠᠢ ᠡᠵᠡᠮᠰᠢᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠣᠭᠲᠠᠭᠠᠵᠤ᠂ ᠠᠰᠠᠭᠤᠳᠠᠯ ᠢ ᠴᠤᠬᠤᠶᠢᠬᠤ ᠶᠢᠨ ᠡᠬᠢᠨ ᠤ ᠦᠶ᠎ᠡ ᠳᠤ ᠦᠨᠡᠨ ᠬᠦ ᠰᠢᠢᠳᠪᠦᠷᠢᠯᠡᠵᠦ᠂ ᠭᠡᠮ ᠰᠣᠭᠤᠭ ᠢ ᠠᠷᠢᠯᠭᠠᠨ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠰᠠᠬᠢᠵᠤ᠂ ᠴᠠᠭ ᠢᠮᠠᠭᠲᠠ ᠲᠠᠶᠢᠨ ᠤ ᠪᠡᠯᠡᠳᠬᠡᠯ ᠤᠨ ᠪᠠᠶᠢᠳᠠᠯ ᠢ ᠪᠠᠲᠤᠯᠠᠵᠤ᠂ ︽ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ︾ ᠳᠠᠬᠢ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠡ᠊᠊ᠨᠳᠡᠯ ᠭᠠᠷᠬᠤ ᠶᠢ ᠡᠷᠡᠰ ᠪᠦᠲᠦᠮᠵᠢᠲᠡᠢ ᠰᠡᠷᠭᠡᠶᠢᠯᠡᠬᠦ ᠬᠡᠷᠡᠭᠲᠡᠢ ᠭᠡᠵᠣ ᠴᠢᠬᠤᠯᠠᠴᠢᠯᠡᠪᠡ᠃    
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号