ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠶᠢᠨ ᠪᠦᠦ ᠨᠠᠷ ᠮᠧᠩ ᠨᠧᠩ ᠺᠧ ᠶᠧᠦ ᠵᠦᠩ ᠴᠠᠬᠢᠯᠭᠠᠨ ᠤ ᠦᠢᠯᠡᠳᠪᠦᠷᠢ᠂ ᠵᠢᠩ ᠺᠧ ᠴᠠᠬᠢᠯᠭᠠᠨ ᠭᠠᠷᠭᠠᠬᠤ ᠦᠢᠯᠡᠳᠪᠦᠷᠢ ᠳᠤ ᠬᠦᠨᠵᠡᠭᠡᠶᠢᠷᠡᠵᠤ ᠭᠤᠣᠯᠳᠠᠯᠭ᠎ᠠ ᠲᠠᠢ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/1/12
     1 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠶᠢᠨ ᠪᠦᠦ ᠨᠠᠷ ᠮᠧᠩ ᠨᠧᠩ ᠺᠧ ᠶᠧᠦ ᠵᠦᠩ ᠴᠠᠬᠢᠯᠭᠠᠨ ᠤ ᠦᠢᠯᠡᠳᠪᠦᠷᠢ᠂ ᠵᠢᠩ ᠺᠧ ᠴᠠᠬᠢᠯᠭᠠᠨ ᠭᠠᠷᠭᠠᠬᠤ ᠦᠢᠯᠡᠳᠪᠦᠷᠢ ᠳᠤ ᠬᠦᠨᠵᠡᠭᠡᠶᠢᠷᠡᠵᠤ ᠭᠤᠣᠯᠳᠠᠯᠭ᠎ᠠ ᠲᠠᠢ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠪᠠ᠃ ᠸᠠᠩ ᠶᠢᠨ ᠪᠦᠦ ᠨᠠᠷ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠠᠬᠢᠯᠭᠠᠨ ᠤ ᠦᠢᠯᠡᠳᠪᠦᠷᠢ ᠶᠢᠨ ᠡᠯ᠎ᠡ ᠭᠤᠭᠴᠤᠭ᠎ᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠴᠠᠬᠢᠯᠭᠠᠨ ᠤ ᠦᠢᠯᠡᠳᠪᠦᠷᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠡᠵᠡᠮᠰᠢᠯ ᠤᠨ ᠲᠠᠰᠤᠭ᠂ ᠠᠭᠤᠷ ᠤᠨ ᠲᠦᠷᠪᠢᠨ ᠤ ᠲᠠᠪᠴᠠᠩ ᠵᠡᠷᠭᠡ ᠠᠴᠠ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠪᠠᠶᠢᠴᠠᠭᠠᠨ ᠦᠵᠡᠵᠦ᠂ ᠴᠠᠬᠢᠯᠭᠠᠨ ᠬᠠᠩᠭᠠᠬᠤ ᠴᠢᠳᠠᠪᠤᠷᠢ᠂ ᠮᠠᠰᠢᠨ ᠴᠣᠭᠴᠠᠯᠠᠪᠤᠷᠢ ᠶᠢ ᠲᠡᠰ ᠳᠡᠪᠰᠢᠭᠦᠯᠦᠨ ᠥᠭᠡᠷᠡᠴᠢᠯᠡᠬᠦ᠂ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ᠂ ᠰᠢᠨ᠎ᠡ ᠪᠠᠷ ᠪᠠᠶᠢᠭᠤᠯᠬᠤ ᠮᠠᠰᠢᠨ ᠴᠣᠭᠴᠠᠯᠠᠪᠤᠷᠢ ᠶᠢ ᠲᠤᠷᠰᠢᠨ ᠡᠵᠡᠩᠨᠡᠬᠦ᠂ ᠴᠡᠪᠡᠷ ᠡᠨᠧᠷᠭᠢ ᠶᠢᠨ ᠲᠦᠷᠦᠯ ᠵᠦᠢᠯ᠂ ᠬᠠᠶᠠᠭᠳᠠᠮᠠᠯ ᠪᠣᠳᠠᠰ ᠢ ᠠᠰᠢᠭᠯᠠᠬᠤ ᠵᠡᠷᠭᠡ ᠪᠠᠶᠢᠳᠠᠯ ᠢ ᠣᠶᠢᠯᠠᠭᠠᠵᠤ᠂ ᠭᠤᠣᠯᠳᠠᠯᠭ᠎ᠠ ᠲᠠᠢ ᠡᠨᠧᠷᠭᠢ ᠶᠢᠨ ᠲᠦᠷᠦᠯ ᠵᠦᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠯᠠᠪᠯᠠᠨ ᠠᠰᠠᠭᠤᠪᠠ᠃     ᠸᠠᠩ ᠶᠢᠨ ᠪᠦᠦ ᠴᠢᠬᠤᠯᠠᠴᠢᠯᠠᠬᠤ ᠳᠠᠭᠠᠨ᠂ ᠠᠮᠤᠷ ᠲᠦᠪᠰᠢᠨ ᠤ ᠤᠯᠠᠭᠠᠨ ᠱᠤᠭᠤᠮ ᠢ ᠪᠠᠲᠤ ᠰᠠᠬᠢᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠬᠢᠯᠭᠠᠨ ᠬᠦᠴᠦᠨ ᠤ ᠰᠢᠰᠲ᠋ᠧᠮ ᠤᠨ ᠦᠢᠯᠡᠳᠪᠦᠷᠢᠯᠡᠯ ᠤᠨ ᠠᠵᠢᠯᠯᠠᠭᠠᠨ ᠤ ᠠᠮᠤᠷ ᠲᠦᠪᠰᠢᠨ ᠢ ᠪᠠᠲᠤᠯᠠᠵᠤ᠂ ᠬᠠᠩᠭᠠᠯᠭ᠎ᠠ ᠶᠢ ᠲᠣᠭᠲᠠᠭᠤᠨ ᠢᠶᠠᠷ ᠪᠠᠲᠤᠯᠠᠨ᠂ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠴᠠᠬᠢᠯᠭᠠᠨ ᠬᠡᠷᠡᠭᠯᠡᠬᠦ ᠬᠠᠩᠭᠠᠯᠭ᠎ᠠ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠤᠣᠯᠳᠠᠯᠭ᠎ᠠ ᠲᠠᠢ ᠡᠨᠧᠷᠭᠢ ᠶᠢᠨ ᠲᠥᠷᠥᠯ ᠵᠦᠢᠯ ᠢ ᠠᠬᠢᠭᠤᠯᠬᠤ ᠶᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠳᠠᠪᠠᠭᠤᠯᠢᠭ ᠢ ᠪᠠᠳᠠᠷᠠᠭᠤᠯᠤᠨ᠂ ᠦᠷᠭᠦᠯᠵᠢᠯᠡᠨ ᠰᠢᠨ᠎ᠡ ᠶᠢ ᠡᠭᠦᠳᠴᠦ᠂ ᠦᠷᠭᠦᠯᠵᠢᠯᠡᠨ ᠥᠭᠡᠷᠡᠴᠢᠯᠡᠯᠲᠡ ᠬᠢᠵᠦ᠂ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠤᠷᠢᠶᠠᠯᠠᠭ᠎ᠠ ᠶᠢ ᠢᠳᠡᠪᠬᠢᠲᠡᠢ ᠪᠠᠷ ᠳᠠᠭᠠᠵᠤ᠂ ᠵᠠᠬ᠎ᠠ ᠳᠡᠯᠭᠡᠭᠦᠷ ᠲᠤ ᠦᠢᠯᠡᠴᠢᠯᠡᠬᠦ᠂ ᠨᠡᠶᠢᠭᠡᠮ ᠳᠤ ᠦᠢᠯᠡᠴᠢᠯᠡᠬᠦ ᠰᠢᠨ᠎ᠡ ᠶᠢ ᠡᠭᠦᠳᠬᠦ ᠬᠡᠯᠪᠡᠷᠢ ᠶᠢᠨ᠂ ᠦᠢᠯᠡᠴᠢᠯᠡᠭᠡᠨ ᠤ ᠬᠡᠯᠪᠡᠷᠢ ᠶᠢᠨ ᠪᠣᠬᠢᠷᠳᠤᠯ ᠦᠭᠡᠢ ᠡᠨᠧᠷᠭᠢ ᠶᠢᠨ ᠠᠵᠤ ᠠᠬᠤᠶᠢᠯᠠᠯ ᠢ ᠴᠢᠷᠮᠠᠶᠢᠨ ᠪᠠᠶᠢᠭᠤᠯᠤᠨ᠎ᠠ᠃ ᠬᠢᠩᠭᠠᠨ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠠᠶᠢᠮᠠᠭ ᠤᠨ ᠳᠠᠷᠤᠭ᠎ᠠ ᠯᠢᠶᠠᠩ ᠶᠠᠨ ᠵᠢᠶᠦ᠋ᠨ᠂ ᠬᠤᠰᠢᠭᠤᠨ ᠤ ᠤᠳᠤᠷᠢᠳᠤᠯᠭ᠎ᠠ ᠸᠠᠩ ᠬᠠᠢ ᠶᠢᠩ᠂ ᠪᠠᠢ ᠶᠠᠩ ᠵᠢᠴᠢ ᠴᠠᠬᠢᠯᠭᠠᠨ ᠤ ᠦᠢᠯᠡᠳᠪᠦᠷᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃    
 
ᠢᠷᠡᠯᠲᠡ᠄ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号