ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠰᠢᠨᠡᠵᠠᠮ ᠰᠤᠮᠤ ᠶᠢᠨ ᠬᠤᠯᠪᠤᠭ᠎ᠠ ᠭᠠᠴᠠᠭ᠎ᠠ ᠳᠤ ᠴᠠᠭᠠᠨ ᠰᠠᠷ᠎ᠠ ᠠᠴᠠ ᠡᠮᠦᠨ᠎ᠡ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/12
     1 ᠰᠠᠷ᠎ᠠ ᠶᠢᠨ 9 ᠤ ᠡᠳᠦᠷ᠂ ᠬᠢᠨᠠᠨ ᠰᠢᠯᠭᠠᠬᠤ ᠡᠷᠦᠬᠡ᠂ ᠬᠦᠨᠳᠦ ᠡᠪᠡᠳᠴᠢᠨ ᠲᠠᠢ ᠡᠷᠦᠬᠡ᠂ ᠶᠠᠳᠠᠭᠤ ᠠᠴᠠ ᠠᠩᠭᠢᠵᠢᠷᠠᠭᠤᠯᠬᠤ ᠡᠷᠦᠬᠡ᠂ ᠠᠬᠠᠮᠠᠳ ᠨᠠᠮ ᠤᠨ ᠭᠡᠰᠢᠭᠦᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠶᠢᠨ ᠲᠥᠯᠥᠭᠡ᠂ ᠲᠡᠳᠡᠨ ᠢ ᠪᠠᠶᠠᠷ ᠬᠥᠷ ᠲᠠᠢ᠂ ᠥᠯᠵᠡᠢ ᠪᠡᠯᠭᠡ ᠲᠠᠢ ᠴᠠᠭᠠᠨ ᠰᠠᠷ᠎ᠠ ᠶᠢ ᠪᠡᠯᠭᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ  ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ ᠰᠢᠨᠡᠵᠠᠮ ᠰᠤᠮᠤ ᠶᠢᠨ ᠬᠤᠯᠪᠤᠭ᠎ᠠ ᠭᠠᠴᠠᠭ᠎ᠠ ᠳᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠳᠤ ᠠᠮᠤ ᠪᠤᠳᠠᠭ᠎ᠠ ᠲᠣᠰᠣ ᠵᠡᠷᠭᠡ ᠠᠮᠢᠳᠤᠷᠠᠯ ᠤᠨ ᠬᠡᠷᠡᠭᠰᠡᠯ ᠢ ᠬᠦᠷᠭᠡᠵᠦ ᠥᠭᠴᠡᠢ᠃ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠭᠡᠷ ᠲᠤ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠨᠢ ᠶᠠᠳᠠᠭᠤ ᠠᠴᠠ ᠠᠩᠭᠢᠵᠢᠷᠠᠭᠰᠠᠨ ᠡᠷᠦᠬᠡ ᠲᠠᠢ ᠨᠢᠭᠤᠷᠳᠠᠨ ᠰᠠᠨᠠᠯ ᠢᠶᠠᠨ ᠰᠣᠯᠢᠯᠴᠠᠬᠤ ᠶᠢᠨ ᠬᠠᠮᠲᠤ ᠪᠡᠶ᠎ᠡ ᠶᠢᠨ ᠪᠠᠶᠢᠳᠠᠯ ᠂ ᠦᠢᠯᠡᠳᠪᠦᠷᠢᠯᠡᠯ ᠤᠨ ᠣᠷᠣᠯᠭ᠎ᠠ᠂ ᠡᠮ ᠡᠮᠨᠡᠯᠭᠡ ᠶᠢᠨ ᠪᠠᠲᠤᠯᠠᠭ᠎ᠠ᠂ ᠠᠮᠢᠳᠤᠷᠠᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠢ ᠨᠠᠷᠢᠨ ᠨᠢᠭᠲᠠ ᠠᠰᠠᠭᠤᠨ ᠯᠠᠪᠯᠠᠵᠠᠢ᠃ ᠲᠡᠳᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠨᠠᠷᠢᠨ ᠨᠢᠮᠪᠠᠢ ᠪᠠᠶᠢᠴᠠᠭᠠᠨ ᠦᠵᠡᠵᠦ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠣᠶᠢᠯᠠᠭᠠᠬᠤ ᠬᠡᠷᠡᠭᠲᠡᠢ᠃ ᠡᠭᠦᠨ ᠤ ᠬᠠᠮᠲᠤ ᠲᠡᠳᠡᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠶᠢ ᠤᠯᠠᠮ ᠴᠢᠨᠠᠭᠰᠢᠳᠠ ᠲᠠᠶᠢᠯᠪᠤᠷᠢᠯᠠᠨ ᠥᠭᠴᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠵᠤ᠂ ᠲᠡᠳᠡᠨ ᠤ ᠢᠲᠡᠭᠡᠯ ᠵᠣᠷᠢᠭ ᠢ ᠬᠥᠪᠴᠢᠯᠡᠵᠦ᠂ ᠰᠢᠨ᠎ᠡ ᠨᠢᠭᠡ ᠵᠢᠯ ᠳᠤ ᠢᠲᠡᠭᠡᠯ ᠵᠣᠷᠢᠭ ᠢ ᠨᠢ ᠨᠡᠮᠡᠭᠳᠡᠭᠦᠯᠦᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠦᠷᠦ ᠶᠢᠨ ᠪᠣᠳᠣᠯᠭ᠎ᠠ ᠶᠢᠨ ᠬᠠᠪᠰᠤᠷᠤᠯᠭ᠎ᠠ ᠳᠡᠮᠵᠢᠯᠭᠡ ᠳᠣᠣᠷ᠎ᠠ ᠬᠦᠴᠢᠷ ᠢ ᠰᠥᠷᠦᠨ ᠤᠷᠤᠭᠰᠢᠯᠠᠵᠤ᠂ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠡᠷᠲᠡᠬᠡᠨ ᠪᠠᠶᠠᠵᠢᠬᠤ ᠶᠢ ᠵᠣᠷᠢᠭᠵᠢᠭᠤᠯᠤᠨ᠎ᠠ᠃ ᠨᠢᠭᠡ ᠡᠷᠦᠬᠡ ᠳᠤ ᠬᠦᠷᠬᠦ ᠪᠦᠷᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠨᠢ ᠴᠥᠮ ᠶᠠᠳᠠᠭᠤ ᠠᠴᠠ ᠠᠩᠭᠢᠵᠢᠷᠠᠭᠰᠠᠨ ᠡᠷᠦᠬᠡ ᠲᠠᠢ ᠳᠣᠲᠣᠨᠣ ᠪᠠᠷ ᠶᠠᠷᠢᠯᠴᠠᠬᠤ ᠶᠢᠨ ᠬᠠᠮᠲᠤ ᠲᠣᠬᠤᠨᠢᠭᠤᠯᠬᠤ ᠡᠳ᠋ ᠪᠣᠳᠠᠰ ᠢᠶᠠᠨ ᠬᠦᠷᠭᠡᠵᠦ ᠥᠭᠲᠡᠭ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠮᠢᠯᠠᠨ ᠰᠠᠭᠤᠯᠭᠠᠭᠰᠠᠨ ᠰᠢᠨᠡᠵᠠᠮ ᠰᠤᠮᠤ ᠶᠢᠨ ᠬᠤᠯᠪᠤᠭ᠎ᠠ ᠭᠠᠴᠠᠭ᠎ᠠ ᠶᠢᠨ ᠨᠢᠭᠡᠳᠦᠭᠡᠷ ᠱᠦᠵᠢ ᠯᠢᠦ ᠶᠦᠩ ᠯᠢᠶᠠᠩ ᠬᠡᠯᠡᠬᠦ ᠳᠡᠭᠡᠨ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ ᠂ ᠦᠨᠡᠨ ᠰᠡᠳᠬᠢᠯᠭᠡ ᠪᠠ ᠬᠠᠯᠠᠭᠤᠨ ᠳᠤᠯᠠᠭᠠᠨ᠂ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠤᠯᠪᠤᠭ᠎ᠠ ᠭᠠᠴᠠᠭ᠎ᠠ ᠳᠤ ᠬᠦᠷᠭᠡᠵᠦ᠂ ᠭᠠᠴᠠᠭ᠎ᠠ ᠶᠢᠨ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ᠂ ᠬᠦᠨᠳᠦ ᠡᠪᠡᠳᠴᠢᠲᠡᠢ ᠡᠷᠦᠬᠡ᠂ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠵᠤ᠂ ᠭᠠᠴᠠᠭ᠎ᠠ ᠶᠢᠨ ᠮᠠᠯᠴᠢᠨ ᠲᠠᠷᠢᠶᠠᠴᠢᠨ ᠳᠤ ᠴᠠᠭᠠᠨ ᠰᠠᠷ᠎ᠠ ᠶᠢᠨ ᠪᠠᠶᠠᠷ ᠬᠦᠷᠭᠡᠬᠦ ᠶᠢ ᠢᠷᠦᠭᠡᠪᠡ᠃ 2023 ᠣᠨ ᠳᠤ᠂ ᠪᠢᠳᠡ ᠠᠯᠠᠰᠢᠨ ᠦᠬᠡᠷ᠂ ᠡᠷᠳᠡᠨᠢ ᠰᠢᠰᠢ᠂ ᠰᠣᠩᠭᠢᠨ᠎ᠠ᠂ ᠦᠵᠦᠮ ᠵᠡᠷᠭᠡ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠪᠠᠷ ᠵᠢᠯᠣᠭᠤᠳᠤᠯᠭ᠎ᠠ ᠪᠣᠯᠭᠠᠵᠤ᠂ ᠭᠠᠴᠠᠭᠠᠨ ᠤ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠨ᠎ᠠ︾ ᠭᠡᠵᠡᠢ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠰᠢᠨᠡᠵᠠᠮ ᠰᠤᠮᠤ ᠶᠢᠨ ᠬᠤᠯᠪᠤᠭ᠎ᠠ ᠭᠠᠴᠠᠭ᠎ᠠ ᠶᠢ ᠬᠠᠪᠰᠤᠷᠤᠨ ᠳᠡᠳᠬᠦᠭᠰᠡᠨ ᠠᠴᠠ ᠨᠠᠰᠢ᠂ ᠬᠤᠯᠪᠤᠭ᠎ᠠ ᠭᠠᠴᠠᠭ᠎ᠠ ᠶᠢᠨ ᠰᠣᠩᠭᠢᠨ᠎ᠠ ᠶᠢᠨ ᠠᠵᠤ ᠦᠢᠯᠡᠰ ᠢ ᠬᠦᠭᠵᠢᠬᠦᠯᠵᠤ᠂ ᠰᠣᠩᠭᠢᠨ᠎ᠠ ᠶᠢᠨ ᠲᠠᠷᠢᠮᠠᠯ ᠤᠨ ᠦᠢᠯᠡᠰ ᠤᠨ ᠮᠠᠰᠢᠨᠴᠢᠯᠠᠯᠲᠠ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠬᠤᠯᠪᠤᠭ᠎ᠠ ᠭᠠᠴᠠᠭ᠎ᠠ ᠳᠤ ᠰᠣᠩᠭᠢᠨ᠎ᠠ ᠶᠢ ᠰᠢᠯᠵᠢᠭᠦᠯᠦᠨ ᠵᠠᠶᠢᠯᠠᠬᠤ ᠮᠠᠰᠢᠨ᠂ ᠰᠣᠩᠭᠢᠨ᠎ᠠ ᠶᠢᠨ ᠰᠢᠷᠣᠢ ᠨᠡᠮᠡᠬᠦ ᠮᠠᠰᠢᠨ᠂ ᠰᠣᠩᠭᠢᠨ᠎ᠠ ᠬᠤᠷᠢᠶᠠᠬᠤ ᠮᠠᠰᠢᠨ ᠵᠡᠷᠭᠡ 3 ᠰᠠᠭᠤᠷᠢ ᠲᠠᠷᠢᠶᠠᠯᠠᠩ ᠤᠨ ᠮᠠᠰᠢᠨ ᠪᠠᠭᠠᠵᠢ ᠬᠠᠨᠳᠢᠪᠯᠡᠪᠠ᠃ ᠡᠭᠦᠨ ᠤ ᠬᠠᠮᠲᠤ ᠭᠠᠴᠠᠭ᠎ᠠ ᠲᠣᠰᠬᠤᠨ ᠤ ᠪᠠᠷᠢᠮᠵᠢᠶ᠎ᠠ Logo ᠶᠢ ᠵᠢᠷᠤᠵᠤ ᠲᠥᠯᠥᠪᠯᠡᠨ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠳᠤ ᠰᠠᠭᠤᠷᠢ ᠲᠠᠯᠪᠢᠵᠤ ᠥᠭᠬᠦ ᠶᠢᠨ ᠬᠠᠮᠲᠤ᠂ ᠥᠪᠥᠷ ᠮᠣᠩᠭᠤᠯ ᠤᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠨ ᠢ ᠭᠠᠴᠠᠭ᠎ᠠ ᠳᠤ ᠤᠷᠢᠵᠤ 55 ᠬᠦᠮᠦᠨ ᠳᠤ ᠠᠯᠪᠠᠨ ᠵᠢᠷᠤᠮ ᠤᠨ ᠡᠮᠴᠢᠯᠡᠭᠡ ᠬᠢᠯᠭᠡᠵᠦ᠂ ᠡᠪᠡᠳᠴᠢᠨ ᠲᠠᠢ ᠮᠠᠯᠴᠢᠨ ᠲᠠᠷᠢᠶᠠᠴᠢᠨ ᠢ ᠴᠠᠭ ᠲᠤᠬᠠᠢ ᠳᠤᠨᠢ ᠡᠮᠨᠡᠨ ᠠᠪᠤᠷᠠᠪᠠ᠃     ᠬᠤᠰᠢᠭᠤᠨ ᠤ ᠤᠳᠤᠷᠢᠳᠤᠯᠭ᠎ᠠ ᠯᠢᠦ ᠬᠠᠢ ᠪᠥᠸᠧ ᠠᠵᠢᠯᠯᠠᠭ᠎ᠠ ᠳᠤ ᠣᠷᠣᠯᠴᠠᠵᠠᠢ᠃  
 
ᠢᠷᠡᠯᠲᠡ᠄ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号