ᠵᠠᠯᠠᠶᠢᠳ ᠬᠤᠰᠢᠭᠤ ᠪᠥᠬᠦ ᠬᠤᠰᠢᠭᠤᠨ ᠤ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/12
    1 ᠰᠠᠷ᠎ᠠ ᠶᠢᠨ 6 ᠤ ᠡᠳᠦᠷ᠂ ᠵᠠᠯᠠᠶᠢᠳ ᠬᠤᠰᠢᠭᠤ ᠪᠥᠬᠦ ᠬᠤᠰᠢᠭᠤᠨ ᠤ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ︽ᠣᠳᠣᠬᠠᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠠᠵᠢᠯ ᠤᠨ ᠲᠥᠰᠥᠯ︾ ᠵᠢᠴᠢ ᠣᠷᠣᠨ᠂ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠪᠥᠬᠦ ᠬᠤᠰᠢᠭᠤᠨ ᠤ ᠬᠥᠳᠡᠭᠡ ᠲᠣᠰᠬᠤᠨ ᠤ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠬᠤᠷᠠᠯ ᠢ ᠡᠷᠭᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠠᠵᠢᠯ ᠤᠨ ᠳᠤᠭᠤᠶᠢᠯᠠᠩ᠂ ᠲᠤᠰᠬᠠᠢ ᠠᠩᠭᠢ ᠪᠠ ᠪᠦᠷᠢᠯᠳᠦᠭᠦᠨ ᠨᠢᠭᠡᠴᠢ ᠶᠢᠨ ᠭᠤᠣᠯ ᠬᠠᠷᠢᠭᠤᠴᠠᠯᠭᠠᠳᠠᠨ ᠬᠤᠷᠠᠯ ᠳᠤ ᠣᠷᠣᠯᠴᠠᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠄ ᠨᠢᠭᠡ ᠳᠤ᠂ ᠡᠯ᠎ᠡ ᠭᠠᠵᠠᠷ ᠤᠨ ᠵᠢᠯᠤᠭᠤᠳᠬᠤ ᠰᠢᠰᠲ᠋ᠧᠮ ᠤᠨ ᠬᠢᠨ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠵᠤ᠂ ᠲᠤᠰᠬᠠᠢ ᠬᠥᠮᠥᠨ ᠲᠣᠭᠲᠠᠭᠠᠵᠤ 24 ᠴᠠᠭ ᠢᠶᠠᠷ ᠵᠢᠵᠢᠭᠦᠷᠯᠡᠭᠦᠯᠦᠨ᠂ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠡᠮᠬᠢᠯᠡᠨ ᠬᠤᠷᠢᠶᠠᠩᠭᠤᠶᠢᠯᠠᠵᠤ ᠳᠡᠭᠡᠭᠰᠢ ᠮᠡᠳᠡᠭᠦᠯᠬᠦ ᠬᠡᠷᠡᠭᠳᠡᠢ᠃ ᠬᠤᠶᠠᠷ ᠲᠤ᠂ ᠬᠦᠳᠡᠭᠡ ᠲᠤᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭ᠎ᠠ ᠲᠣᠰᠬᠤᠨ ᠤ ᠨᠠᠮ ᠤᠨ ᠭᠡᠰᠢᠭᠦᠨ ᠺᠠᠳ᠋ᠷ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠳᠠᠭᠠᠭᠠᠴᠢᠯᠠᠨ ᠬᠤᠯᠪᠣᠭᠠᠯᠠᠭᠰᠠᠨ ᠠᠵᠢᠯᠯᠠᠬᠤ ᠠᠩᠭᠢ᠂ ᠲᠤᠤᠷᠵᠢᠭᠤᠯᠤᠭᠴᠢ ᠡᠮᠤᠨ᠎ᠡ ᠹᠷᠣᠨᠲ ᠲᠤ ᠭᠠᠪᠰᠢᠭᠠᠶᠢᠯᠠᠬᠤ ᠶᠢ ᠠᠬᠢᠭᠤᠯᠵᠤ᠂ ᠬᠥᠳᠡᠭᠡ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠠᠶᠢᠲᠤᠷ ᠬᠢᠬᠦ ᠬᠡᠷᠡᠭᠳᠡᠢ᠃ ᠭᠤᠷᠪᠠ ᠳᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠵᠢᠷᠮᠦᠰᠦᠨ ᠪᠦᠰᠡᠭᠦ᠋ᠢᠴᠦᠳ᠂ ᠬᠡᠦᠬᠡᠳ᠂ ᠵᠡᠮᠳᠡᠭᠴᠦᠳ᠂ ᠰᠠᠭᠤᠷᠢ ᠡᠪᠡᠳᠴᠢᠨ ᠲᠠᠢ ᠡᠪᠡᠳᠴᠢᠲᠡᠨ ᠵᠡᠷᠭᠡ ᠭᠤᠣᠯᠳᠠᠯᠭ᠎ᠠ ᠲᠠᠢ ᠬᠥᠮᠥᠰ ᠤᠨ ᠦᠢᠯᠡᠴᠢᠯᠡᠭᠡᠨ ᠤ ᠪᠠᠲᠤᠯᠠᠪᠤᠷᠢ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠳᠤ ᠲᠦᠰᠢᠭᠯᠡᠨ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠡᠮ ᠡᠮᠨᠡᠯᠭᠡ ᠬᠦᠷᠭᠡᠬᠦ ᠵᠡᠷᠭᠡ ᠦᠢᠯᠡᠴᠢᠯᠡᠭᠡ ᠶᠢ ᠴᠠᠭ ᠲᠤᠬᠠᠢ ᠳᠤᠨᠢ ᠰᠠᠶᠢᠲᠤᠷ ᠬᠢᠵᠦ᠂ ᠡᠷᠲᠡ ᠢᠯᠡᠷᠡᠭᠦᠯᠵᠦ᠂ ᠡᠷᠲᠡ ᠡᠮᠨᠡᠨ ᠵᠠᠰᠠᠬᠤ ᠶᠢ ᠪᠡᠶᠡᠯᠡᠬᠦᠯᠬᠦ ᠬᠡᠷᠡᠭᠳᠡᠢ᠃ ᠳᠥᠷᠪᠡ ᠳᠤ᠂ ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠬᠦᠮᠦᠨ ᠤ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠂ ᠬᠥᠮᠥᠨ ᠳᠠᠷᠠᠭᠠᠯᠠᠨ ᠲᠥᠷᠥᠯ ᠬᠤᠪᠢᠶᠠᠨ ᠲᠠᠩᠰᠠ ᠡᠪᠬᠡᠮᠡᠯ ᠪᠠᠶᠢᠭᠤᠯᠵᠤ᠂ ᠪᠥᠬᠦ ᠶᠠᠪᠤᠴᠠ ᠳᠤ ᠲᠠᠷᠢᠯᠭ᠎ᠠ ᠬᠢᠭᠰᠡᠨ ᠦᠭᠡᠢ ᠨᠠᠰᠤᠲᠠᠶᠢᠴᠤᠳ ᠢ ᠳᠠᠭᠢᠵᠤ ᠲᠠᠶᠢᠴᠢᠯᠠᠬᠤ ᠬᠡᠷᠡᠭᠳᠡᠢ᠃ ᠲᠠᠪᠤ ᠳᠤ᠂ ᠲᠡᠰ ᠬᠤᠪᠢᠶᠠᠨ ᠲᠦᠷᠦᠯ ᠬᠤᠪᠢᠶᠠᠨ ᠡᠮᠨᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠡᠮ ᠡᠮᠨᠡᠯᠭᠡ ᠶᠢᠨ ᠡᠳ᠋ ᠪᠣᠳᠠᠰ ᠪᠠ ᠡᠮ ᠤᠨ ᠵᠦᠢᠯᠡᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠬᠦᠨᠳᠦ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠬᠡᠷᠡᠭᠳᠡᠢ ᠭᠡᠵᠡᠢ᠃        
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号