ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/12
   1 ᠰᠠᠷ᠎ᠠ ᠶᠢᠨ 5 ᠤ ᠦᠳᠡ ᠶᠢᠨ ᠬᠤᠶᠢᠨ᠎ᠠ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 21 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 2023 ᠣᠨ ᠤ ᠠᠶᠢᠮᠠᠭ ᠤᠨ ᠱᠠᠲᠤᠨ ᠤ ︽ᠭᠤᠷᠪᠠᠨ ᠨᠠᠷᠢᠨ ᠲᠠᠩᠰᠠ︾ ᠶᠢ ᠲᠦᠯᠦᠪᠵᠢᠭᠦᠯᠬᠦ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠶᠠᠷᠢᠯᠴᠠᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠪᠣᠯᠣᠮᠵᠢᠲᠤ ᠴᠢᠨᠠᠷ ᠢ ᠨᠠᠷᠢᠨ ᠬᠢᠨᠠᠮᠠᠭᠠᠢ ᠰᠤᠳᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ 2023 ᠣᠨ ᠤ ᠭᠤᠣᠯᠳᠠᠯᠭ᠎ᠠ ᠲᠠᠢ ᠠᠵᠢᠯ᠂ ᠬᠢᠯᠠᠰ ᠴᠡᠭᠲᠦ ᠠᠵᠢᠯ᠂ ᠬᠦᠴᠢᠷ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠡᠯᠡ ᠮᠥᠩᠭᠦ ᠶᠢᠨ ᠬᠡᠷᠡᠭᠯᠡᠯᠲᠡ ᠶᠢ ᠵᠣᠯᠭᠠᠭᠤᠯᠬᠤ ᠲᠥᠯᠥᠪᠯᠡᠭᠡ ᠶᠢ ᠴᠢᠩᠭ᠎ᠠ ᠵᠢᠷᠤᠮᠯᠠᠨ᠂ ᠬᠠᠤᠯᠢ ᠲᠣᠭᠲᠠᠭᠠᠯ ᠶᠣᠰᠣᠭᠠᠷ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠂ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠡᠢ᠃ ᠪᠠᠶᠢᠩᠭᠤ ᠶᠢᠨ ᠬᠤᠷᠠᠯ ᠬᠤᠷᠠᠯᠳᠤᠬᠤ ᠠᠴᠠ ᠡᠮᠦᠨ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠠᠩᠬᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠬᠠᠮᠢᠶ᠎ᠠ ᠪᠦᠬᠦᠢ ᠵᠦᠢᠯᠡᠰ ᠢ ᠰᠤᠳᠤᠯᠵᠠᠢ᠃    
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号