ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/1/12
   1 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠭᠤᠷᠪᠠᠳᠤᠭᠠᠷ ᠪᠥᠬᠦᠳᠡ ᠬᠤᠷᠠᠯ ᠬᠢᠪᠡ᠃      ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠪᠣᠦ ᠬᠦᠭᠵᠢᠯᠲᠦ ᠬᠤᠷᠠᠯ ᠢ ᠡᠷᠬᠢᠯᠡᠪᠡ᠃    ᠵᠠᠩ ᠱᠤᠸᠠᠩ ᠴᠧᠩ᠂ ᠸᠠᠩ ᠶᠦᠩ ᠵᠢᠶᠠ᠂ ᠸᠠᠩ ᠶᠠᠨ ᠪᠥᠸᠧ᠂ ᠪᠣᠦ ᠬᠦᠭᠵᠢᠯᠲᠦ᠂ ᠼᠤᠤ ᠶᠦᠩ ᠰᠢᠨ᠂ ᠸᠠᠩ ᠸᠧᠨ ᠭᠧ᠂ ᠴᠢᠦᠢ ᠲᠦᠩ ᠨᠢᠶᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠤ᠂ ᠶᠧ ᠪᠢᠨ᠂ ᠨᠢᠩ ᠬᠠᠢ ᠶᠠᠨ᠂ ᠶᠠᠩ ᠪᠦᠦ ᠲᠢᠶᠠᠨ᠂ ᠯᠢᠦ ᡁᠢ ᠹᠧᠩ᠂ ᠰᠦᠨ ᠵᠧᠨ ᠵᠡᠷᠭᠡ ᠰᠢᠶᠠᠨ ᠤ ᠤᠳᠤᠷᠢᠳᠤᠯᠭ᠎ᠠ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃       ᠶᠡᠭᠡ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 194 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 155 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃   ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ᠃ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠠᠴᠠ ᠪᠦᠬᠦ ᠲᠥᠯᠥᠭᠡᠯᠡᠭᠴᠢᠳ ᠪᠢᠯᠧᠲ ᠥᠭᠬᠦ ᠪᠠᠷ ᠳᠠᠮᠵᠢᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠲᠦᠴᠢᠦᠸᠠᠨ ᠰᠢᠶᠠᠨ ᠤ ᠲᠥᠯᠥᠭᠡᠯᠡᠭᠴᠢ ᠶᠢ ᠰᠣᠩᠭᠤᠨ ᠭᠠᠷᠭᠠᠪᠠ ︵ᠬᠤᠷᠠᠯ ᠤᠨ ᠳᠠᠷᠠᠭ᠎ᠠ ᠠᠯᠬᠤᠮ ᠳᠠᠷᠠᠭ᠎ᠠ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠳᠤ ᠮᠡᠳᠡᠭᠦᠯᠵᠦ ᠬᠢᠨᠠᠨ ᠪᠠᠶᠢᠴᠠᠭᠠᠯᠭᠠᠵᠤ ᠨᠤᠲᠠᠯᠠᠭᠤᠯᠤᠨ᠎ᠠ᠃ ᠴᠧᠨ ᠯᠢ ᠮᠢᠩ ᠵᠡᠷᠭᠡ 5 ᠬᠥᠮᠥᠨ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ᠃ ᠶᠧ ᠪᠢᠨ ᠲᠦᠴᠢᠦᠸᠠᠨ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠪᠠ᠃ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠵᠦ᠂ ᠪᠢᠯᠧᠲ ᠥᠭᠬᠦ ᠳᠡᠭᠡᠨ ᠬᠤᠲᠠ ᠶᠢᠨ ᠲᠣᠭᠤᠷᠢᠭ ᠤᠨ ᠠᠷᠠᠳ ᠲᠤ ᠲᠦᠬᠦᠮ ᠦᠵᠡᠭᠦᠯᠬᠦ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠲᠦᠴᠢᠦᠸᠠᠨ ᠪᠠᠯᠭᠠᠰᠤᠨ ᠤ ᠰᠢᠨ ᠹᠠ ᠲᠣᠰᠬᠤᠨ ᠤ ᠵᠢᠵᠢᠭ ᠰᠠᠪᠠ ᠭᠠᠵᠠᠷ ᠢ ᠵᠠᠰᠠᠬᠤ ᠲᠦᠷᠦᠯ ᠵᠦᠢᠯ ᠵᠡᠷᠭᠡ 5 ᠲᠦᠷᠦᠯ ᠵᠦᠢᠯ ᠢ 2023 ᠣᠨ ᠤ ᠰᠢᠶᠠᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢᠶᠠᠷ ᠲᠣᠭᠲᠠᠭᠠᠪᠠ᠃       ᠳᠠᠷᠠᠭ᠎ᠠ ᠨᠢ᠂ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠥᠷᠪᠡᠳᠦᠭᠡᠷ ᠪᠦᠬᠦᠳᠡ ᠬᠤᠷᠠᠯ ᠬᠤᠷᠠᠯᠳᠤᠭᠤᠯᠪᠠ᠃       ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ ᠸᠧᠨ ᠭᠧ ᠬᠤᠷᠠᠯ ᠢ ᠡᠷᠬᠢᠯᠡᠪᠡ᠃      ᠵᠠᠩ ᠱᠤᠸᠠᠩ ᠴᠧᠩ᠂ ᠸᠠᠩ ᠶᠦᠩ ᠵᠢᠶᠠ᠂ ᠸᠠᠩ ᠶᠠᠨ ᠪᠥᠸᠧ᠂ ᠼᠤᠤ ᠶᠦᠩ ᠰᠢᠨ᠂ ᠸᠠᠩ ᠸᠧᠨ ᠭᠧ᠂ ᠴᠢᠦᠢ ᠲᠦᠩ ᠨᠢᠶᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠤ᠂ ᠶᠧ ᠪᠢᠨ᠂ ᠨᠢᠩ ᠬᠠᠢ ᠶᠠᠨ᠂ ᠶᠠᠩ ᠪᠦᠦ ᠲᠢᠶᠠᠨ᠂ ᠯᠢᠦ ᡁᠢ ᠹᠧᠩ᠂ ᠰᠦᠨ ᠵᠧᠨ᠂ ᠵᠧᠦ ᠰᠢᠤ ᠢᠩ ᠵᠡᠷᠭᠡ ᠰᠢᠶᠠᠨ ᠤ ᠤᠳᠤᠷᠢᠳᠤᠯᠭ᠎ᠠ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠰᠢ ᠰᠢᠶᠠᠨ ᠭᠠᠵᠠᠷ ᠤᠨ ᠱᠠᠲᠤᠨ ᠤ ᠤᠳᠤᠷᠢᠳᠤᠯᠭ᠎ᠠ᠂ ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠲᠣᠮᠢᠯᠠᠭᠰᠠᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃    ᠶᠡᠭᠡ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 194 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 154 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃  ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠰᠢᠭᠦᠬᠦ ᠬᠤᠷᠢᠶᠠᠨ ᠤ ᠠᠵᠢᠯ ᠤᠨ ᠢᠯᠡᠳᠬᠡᠯ᠂ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠢᠯᠡᠳᠬᠡᠯ᠂ ᠡᠳ᠋ ᠤᠨ ᠵᠠᠰᠠᠭ ᠤᠨ ᠲᠥᠰᠥᠪ ᠤᠨ ᠮᠡᠳᠡᠭᠦᠯᠦᠯᠲᠡ ᠵᠡᠷᠭᠡ ᠮᠡᠳᠡᠭᠦᠯᠦᠯᠲᠡ ᠶᠢᠨ ᠰᠢᠢᠳᠪᠦᠷᠢ ᠶᠢ ᠪᠠᠲᠤᠯᠠᠪᠠ᠃     ᠬᠤᠷᠠᠯ ᠳᠡᠭᠡᠷ᠎ᠡ᠂ ᠰᠢᠨ᠎ᠡ ᠪᠠᠷ ᠰᠣᠩᠭᠤᠭᠳᠠᠭᠰᠠᠨ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠧ ᠪᠢᠨ ᠪᠣᠯᠣᠨ ᠴᠧᠨ ᠯᠢ ᠮᠢᠩ ᠵᠡᠷᠭᠡ 5 ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠦᠨᠳᠦᠰᠦᠨ ᠬᠠᠤᠯᠢ ᠳᠤ ᠲᠠᠩᠭᠠᠷᠢᠭᠯᠠᠪᠠ᠃   ᠡᠯ᠎ᠡ ᠵᠦᠢᠯ ᠤᠨ ᠲᠣᠭᠲᠠᠭᠰᠠᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ ᠲᠡᠭᠦᠰᠪᠡ᠃      
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号