ᠯᠢᠨ ᠬᠠᠢ ᠵᠡᠭᠡᠯᠢ ᠶᠢᠨ ᠰᠢᠩ ᠯᠢᠨ ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ ︽ᠠᠮᠢᠳᠤᠷᠠᠯ ᠤᠨ ᠨᠠᠭᠠᠲᠤ ᠵᠠᠬ᠎ᠠ ᠶᠢᠨ ᠠᠮᠢᠳᠣᠷᠡᠯ  ᠤᠨ ᠪᠠᠲᠤᠯᠠᠭ᠎ᠠ ᠶᠢᠨ ᠭᠡᠷᠡᠴᠢᠯᠡᠯ ᠤᠨ ᠠᠵᠢᠯ ᠢ ᠦᠷᠨᠢᠬᠦᠯᠵᠣ ᠬᠥᠮᠥᠰ ᠤᠨ ᠰᠡᠳᠬᠢᠯ ᠢ ᠳᠤᠯᠠᠭᠠᠴᠠᠭᠤᠯᠵᠤ ᠰᠠᠭᠤᠭᠠᠯᠢ ᠠᠷᠠᠳ ᠲᠤ ᠦᠢᠯᠡᠴᠢᠯᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/12
    ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠦᠷᠢᠮᠵᠢᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠲᠣᠭᠲᠠᠮᠠᠯ ᠬᠤᠭᠤᠴᠠᠭ᠎ᠠ ᠲᠠᠢ ᠪᠠᠷ ᠭᠡᠷᠡᠴᠢᠯᠡᠬᠦ ᠠᠵᠢᠯ ᠢ ᠦᠷᠨᠢᠬᠦᠯᠬᠦ ᠳᠤ ᠲᠥᠬᠦᠮ ᠦᠵᠡᠭᠦᠯᠬᠦ ᠶᠢᠨ ᠲᠥᠯᠥᠭᠡ᠂ 1 ᠰᠠᠷ᠎ᠠ ᠶᠢᠨ 3 ᠤ ᠡᠳᠦᠷ᠂ ᠯᠢᠨ ᠬᠠᠢ ᠵᠡᠭᠡᠯᠢ ᠶᠢᠨ ᠰᠢᠩ ᠯᠢᠨ ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ ︽ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠯ ᠬᠢᠵᠦ ᠬᠥᠮᠥᠰ ᠤᠨ ᠰᠡᠳᠬᠢᠯ ᠢ ᠳᠤᠯᠠᠭᠠᠴᠠᠭᠤᠯᠵᠤ ᠰᠠᠭᠤᠭᠠᠯᠢ ᠠᠷᠠᠳ ᠲᠤ ᠦᠢᠯᠡᠴᠢᠯᠡᠬᠦ ︾ ᠠᠵᠢᠯᠯᠠᠭ᠎ᠠ ᠥᠷᠨᠢᠭᠦᠯᠪᠡ᠃ ᠰᠦᠯᠵᠢᠶᠡᠨ ᠳᠡᠭᠡᠷᠡᠬᠢ ᠨᠠᠭᠠᠲᠤ ᠵᠠᠬ᠎ᠠ ᠶᠢᠨ ᠠᠮᠢᠳᠣᠷᠡᠯ ᠤᠨ ᠪᠠᠲᠤᠯᠠᠭ᠎ᠠ ᠶᠢᠨ ᠭᠡᠷᠡᠴᠢᠯᠡᠯ ᠤᠨ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠭᠡᠷᠡᠴᠢᠯᠡᠯ ᠤᠨ ᠲᠠᠰ ᠳᠠᠷᠠᠭᠠᠯᠠᠯ ᠢ ᠲᠦᠢᠯ ᠤᠨ ᠶᠡᠭᠡ ᠪᠠᠷ ᠳᠥᠭᠦᠮᠴᠢᠯᠡᠵᠦ᠂ ᠨᠠᠭᠠᠲᠤ ᠵᠠᠬ᠎ᠠ ᠶᠢᠨ ᠠᠮᠢᠳᠣᠷᠡᠯ ᠤᠨ ᠪᠠᠲᠤᠯᠠᠭ᠎ᠠ ᠶᠢᠨ ᠬᠦᠮᠣᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠵᠤ᠂ ᠬᠠᠭᠤᠷᠮᠠᠭᠯᠠᠨ ᠠᠪᠬᠤ ᠦᠶ᠋ᠯᠡ ᠠᠵᠢᠯᠯᠠᠭ᠎ᠠ ᠶᠢᠨ ᠡᠭᠦᠰᠬᠦ ᠶᠢ ᠣᠷᠣᠯᠠᠨ ᠰᠡᠷᠭᠡᠶᠢᠯᠡᠬᠦ ᠪᠠᠷ ᠪᠠᠷᠠᠬᠤ ᠦᠭᠡᠢ᠂ ᠨᠠᠭᠠᠲᠤ ᠵᠠᠬ᠎ᠠ ᠶᠢᠨ ᠠᠮᠢᠳᠣᠷᠡᠯ ᠤᠨ ᠪᠠᠲᠤᠯᠠᠭ᠎ᠠ ᠶᠢᠨ ᠠᠵᠢᠯᠲᠠᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢ ᠬᠥᠭᠵᠢᠭᠦᠯᠬᠦ ᠪᠠ ᠲᠡᠭᠦᠯᠳᠡᠷᠵᠢᠭᠦᠯᠬᠦ ᠳᠤ ᠨᠠᠩ ᠠᠰᠢᠭᠲᠠᠢ ᠪᠠᠶᠢᠵᠤ᠂ ᠨᠠᠭᠠᠲᠤ ᠵᠠᠬ᠎ᠠ ᠶᠢᠨ ᠠᠮᠢᠳᠣᠷᠡᠯ ᠤᠨ ᠪᠠᠲᠤᠯᠠᠭ᠎ᠠ ᠶᠢᠨ ᠬᠦᠮᠣᠰ ᠤᠨ ᠮᠠᠳᠡᠭᠡ ᠵᠠᠩᠬᠢ ᠶᠢ ᠨᠠᠷᠢᠯᠢᠭᠵᠢᠭᠤᠯᠬᠤ᠂ ᠵᠢᠷᠤᠮᠵᠢᠭᠤᠯᠬᠤ᠂ ᠣᠶᠤᠨᠴᠢᠯᠠᠬᠤ ᠶᠢ ᠬᠠᠮᠢᠶᠠᠷᠬᠤ ᠳᠤ ᠠᠰᠢᠭᠲᠠᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠯᠢᠨ ᠬᠠᠢ ᠵᠡᠭᠡᠯᠢ ᠶᠢᠨ ᠰᠢᠩ ᠯᠢᠨ ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ ᠡᠷᠦᠬᠡ ᠪᠠᠷ ᠬᠦᠷᠴᠦ ᠭᠡᠷᠡᠴᠢᠯᠡᠬᠦ ᠦᠢᠯᠡᠴᠢᠯᠡᠭᠡᠨ ᠤ ᠠᠵᠢᠯ ᠢ ᠦᠷᠭᠦᠯᠵᠢᠯᠡᠨ ᠥᠷᠨᠢᠭᠦᠯᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠵᠤ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠦᠨᠡᠨ ᠬᠦ ᠣᠯᠠᠨ ᠲᠦᠮᠡᠨ ᠤ ᠳᠡᠷᠭᠡᠳᠡ ᠬᠦᠷᠭᠡᠬᠦ ᠪᠣᠯᠣᠨ᠎ᠠ᠃    
 
ᠢᠷᠡᠯᠲᠡ᠄ ᠯᠢᠨ ᠬᠠᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号