ᠲᠣᠬᠢᠶᠠᠨ ᠳ᠋ᠧᠩ ᠢ ᠪᠣᠰᠬᠠᠵᠤ ᠵᠠᠮ ᠢ ᠰᠠᠭᠠᠳ ᠦᠭᠡᠢ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2023/1/12
    ᠲᠦᠴᠢᠦᠸᠠᠨ ᠰᠢᠶᠠᠨ ᠤ ᠺᠠᠩ ᠯᠧ ᠵᠡᠭᠡᠯᠢ ᠪᠣᠯᠣᠨ ᠰᠢᠨ ᠬᠤᠸᠠ ᠵᠠᠮ ᠤᠨ ᠠᠭᠤᠯᠵᠠᠷ ᠲᠤ᠂ ᠨᠠᠰᠢ ᠴᠠᠰᠢ ᠶᠠᠪᠤᠬᠤ ᠲᠡᠷᠭᠡ ᠪᠣᠯᠣᠨ ᠶᠠᠪᠠᠭᠠᠨ ᠬᠥᠮᠥᠨ ᠵᠠᠮ ᠬᠠᠷᠢᠯᠴᠠᠭᠠᠨ ᠤ ᠳᠣᠬᠢᠶᠠᠨ ᠳ᠋ᠧᠩ ᠤᠨ ᠶᠣᠰᠣᠭᠠᠷ ᠡᠮᠬᠢ ᠵᠢᠷᠤᠮ ᠲᠠᠢ ᠪᠠᠷ ᠨᠡᠪᠲᠡᠷᠡᠳᠡᠭ᠂ ᠡᠭᠦᠨ ᠠᠴᠠ ᠡᠮᠦᠨ᠎ᠡ ᠲᠦᠭᠵᠢᠷᠡᠵᠦ᠂ ᠲᠡᠷᠭᠡ ᠬᠥᠰᠬᠡ ᠬᠠᠷᠢᠯᠴᠠᠨ ᠨᠠᠶᠢᠷ ᠲᠠᠯᠪᠢᠬᠤ ᠦᠭᠡᠢ ᠪᠠᠶᠢᠬᠤ ᠡᠷᠦᠢ ᠬᠤᠷᠤᠢ ᠦᠭᠡᠢ ᠦᠵᠡᠭᠳᠡᠯ ᠨᠢᠭᠡᠨᠲᠡ ᠣᠷᠣᠰᠢᠬᠤ ᠦᠭᠡᠢ ᠪᠣᠯᠵᠠᠢ᠃ ︽ᠮᠠᠨ ᠤ ᠭᠡᠷ ᠶᠠᠭ ᠡᠨᠡ ᠬᠠᠪᠢ ᠳᠤ ᠰᠠᠭᠤᠵᠤ ᠪᠠᠶᠢᠨ᠎ᠠ᠂ ᠲᠣᠬᠢᠶᠠᠨ ᠳ᠋ᠧᠩ ᠲᠠᠭᠠᠷᠠᠭᠤᠯᠤᠭᠰᠠᠨ ᠤ ᠳᠠᠷᠠᠭ᠎ᠠ᠂ ᠠᠷᠠᠳ ᠣᠯᠠᠨ ᠤ ᠶᠠᠪᠤᠵᠤ ᠰᠠᠭᠤᠬᠤ ᠳᠤ ᠳᠥᠭᠦᠮ ᠪᠣᠯᠵᠤ᠂ ᠠᠮᠤᠷ ᠲᠦᠪᠰᠢᠨ ᠪᠣᠯᠵᠤ᠂ ᠣᠶᠢᠷ᠎ᠠ ᠬᠠᠪᠢ ᠶᠢᠨ ᠰᠤᠷᠭᠠᠭᠤᠯᠢ ᠴᠤ ᠣᠯᠠᠰᠢᠷᠠᠵᠠᠢ᠂ ᠰᠤᠷᠭᠠᠭᠤᠯᠢ ᠲᠠᠷᠬᠠᠬᠤ ᠦᠶ᠎ᠡ ᠳᠤ ᠮᠠᠰᠢᠨ ᠲᠡᠷᠭᠡ ᠣᠨᠴᠠᠭᠠᠶ ᠲᠦᠭᠵᠢᠷᠡᠵᠦ᠂ ᠡᠨᠡ ᠲᠣᠬᠢᠶᠠᠨ ᠳ᠋ᠧᠩ ᠢ ᠲᠠᠭᠠᠷᠠᠭᠤᠯᠤᠭᠰᠠᠨ ᠤ ᠳᠠᠷᠠᠭ᠎ᠠ᠂ ᠬᠥᠮᠥᠰ ᠤᠨ ᠶᠠᠪᠤᠵᠤ ᠰᠠᠭᠤᠬᠤ ᠳᠤ ᠪᠠᠰᠠ ᠵᠣᠬᠢᠬᠤ ᠬᠡᠮᠵᠢᠶᠡᠨ ᠤ ᠳᠥᠭᠦᠮ ᠦᠵᠡᠭᠦᠯᠵᠦ᠂ ᠠᠷᠠᠳ ᠣᠯᠠᠨ ᠳᠤ ᠠᠪᠴᠤ ᠬᠡᠯᠡᠪᠡᠯ ᠮᠠᠰᠢ ᠰᠠᠶᠢᠨ ᠪᠠᠶᠢᠨ᠎ᠠ︾ ᠭᠡᠵᠦ ᠰᠠᠭᠤᠭᠠᠯᠢ ᠠᠷᠠᠳ ᠸᠠᠩ ᠠᠢ ᠪᠢᠩ ᠬᠡᠯᠡᠪᠡ᠃ ᠵᠠᠮ ᠬᠠᠷᠢᠯᠴᠠᠭᠠᠨ ᠤ ᠳᠤᠬᠢᠶᠠᠨ ᠳ᠋ᠧᠩ ᠢ ᠪᠦᠲᠦᠭᠡᠨ ᠪᠠᠶᠢᠭᠤᠯᠬᠤ ᠪᠣᠯ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠬᠤ᠂ ᠵᠠᠮ ᠬᠠᠷᠢᠯᠴᠠᠭᠠᠨ ᠤ ᠡ᠊ᠨᠳᠡᠯ ᠢ ᠪᠠᠭᠠᠰᠬᠠᠬᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠪᠦᠬᠦ ᠰᠢᠶᠠᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠦᠭᠵᠢᠷᠡᠯ ᠤᠨ ᠠᠰᠠᠭᠤᠳᠠᠯ ᠢ ᠨᠠᠮᠳᠠᠭᠤᠯᠵᠤ᠂ ᠪᠦᠬᠦ ᠰᠢᠶᠠᠨ ᠤ ᠵᠠᠮ ᠬᠠᠷᠢᠯᠴᠠᠭᠠᠨ ᠤ ᠰᠠᠭᠠᠳ ᠦᠭᠡᠢ ᠪᠠᠶᠢᠬᠤ ᠪᠠ ᠤᠯᠠᠨ ᠲᠦᠮᠡᠨ ᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠠᠨ ᠠᠷᠭ᠎ᠠ ᠬᠡᠮᠵᠢᠶ᠎ᠡ ᠪᠠᠷ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠵᠢᠵᠢᠭ ᠰᠠᠵᠢᠭ ᠵᠦᠢᠯ ᠠᠴᠠ ᠭᠠᠷᠳᠠᠵᠤ᠂ ᠠᠷᠠᠳ ᠤᠯᠠᠨ ᠤ ᠰᠠᠨᠠᠭ᠎ᠠ ᠠᠮᠤᠷ ᠶᠠᠪᠤᠵᠤ ᠰᠠᠭᠤᠬᠤ ᠶᠢ ᠪᠠᠲᠤᠯᠠᠪᠠ᠃   ᠡᠨᠡ ᠵᠢᠯ ᠲᠦᠴᠢᠦᠸᠠᠨ ᠰᠢᠶᠠᠨ ᠤ ᠬᠢᠨ ᠬᠠᠭᠤᠴᠢᠨ ᠬᠤᠳᠠ ᠶᠢᠨ ᠲᠣᠭᠤᠷᠢᠭ ᠲᠤ ᠵᠠᠮ ᠬᠠᠷᠢᠯᠴᠠᠭᠠᠨ ᠤ ᠳᠤᠬᠢᠶᠠᠨ ᠳ᠋ᠧᠩ ᠢ ᠪᠦᠬᠦ ᠲᠠᠯ᠎ᠠ ᠪᠠᠷ ᠥᠭᠡᠷᠡᠴᠢᠯᠡᠬᠦ ᠪᠠ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠤᠳᠤ ᠨᠢᠭᠡᠨᠲᠡ ᠪᠦᠬᠦᠨ ᠢ ᠪᠡᠶᠡᠯᠡᠭᠦᠯᠦᠭᠰᠡᠨ ᠪᠥᠭᠡᠳ ᠠᠰᠢᠭᠯᠠᠯᠲᠠ ᠳᠤ ᠣᠷᠣᠭᠤᠯᠪᠠ᠃ ᠬᠠᠭᠤᠴᠢᠨ ᠬᠤᠳᠠ ᠶᠢᠨ ᠲᠣᠭᠤᠷᠢᠭ ᠤᠨ 40 ᠵᠠᠮ ᠤᠨ ᠠᠭᠤᠯᠵᠠᠷ ᠢ ᠥᠭᠡᠷᠡᠴᠢᠯᠡᠬᠦ ᠶᠢᠨ ᠬᠠᠮᠲᠤ ᠲᠡᠷᠭᠡᠨ ᠵᠠᠮ ᠤᠨ ᠳᠤᠬᠢᠶᠠᠨ ᠳ᠋ᠧᠩ᠂ ᠮᠠᠰᠢᠨᠲᠤ ᠪᠤᠰᠤ ᠳᠤᠬᠢᠶᠠᠨ ᠳ᠋ᠧᠩ 126 ᠳᠤᠭᠤᠶᠢᠯᠠᠩ᠂ ᠶᠠᠪᠠᠭᠠᠨ ᠬᠥᠮᠥᠨ ᠤ ᠳᠤᠬᠢᠶᠠᠨ ᠳ᠋ᠧᠩ 266 ᠳᠤᠭᠤᠶᠢᠯᠠᠩ᠂ ᠳᠤᠬᠢᠶᠠᠨ ᠮᠠᠰᠢᠨ ᠵᠢᠴᠢ ᠮᠠᠰᠢᠨ ᠤ ᠠᠪᠳᠠᠷ᠎ᠠ ᠶᠢᠨ 39 ᠰᠠᠤᠷᠢ ︵ᠢᠵᠢ︶ ᠂ ᠶᠠᠪᠠᠭᠠᠨ ᠬᠥᠮᠥᠨ ᠤ ᠳ᠋ᠧᠩ ᠤᠨ ᠪᠠᠭᠠᠨ᠎ᠠ 168 ᠢᠵᠢ᠂ ᠨᠠᠢᠮᠠᠨ ᠢᠷᠮᠡᠭᠲᠦ ᠪᠠᠭᠠᠨ᠎ᠠ 151 ᠢᠵᠢ ᠶᠢ ᠤᠭᠰᠠᠷᠠᠬᠤ ᠶᠢᠨ ᠬᠠᠮᠲᠤ ᠪᠠᠰᠠ ᠤᠲᠠᠰᠤ ᠳᠡᠭᠡᠰᠦ᠂ ᠴᠠᠬᠢᠯᠭᠠᠨ ᠡᠭᠦᠰᠬᠡᠭᠴᠢ ᠶᠢᠨ ᠤᠲᠠᠰᠤ᠂ ᠭᠡᠷᠡᠯᠯᠢᠭ ᠳᠡᠭᠡᠰᠦ᠂ ᠤᠲᠠᠰᠤ ᠵᠠᠯᠭᠠᠬᠤ ᠬᠤᠳᠳᠤᠭ᠂ ᠲᠣᠣᠷ ᠬᠤᠯᠪᠣᠭᠰᠠᠨ ᠳᠤᠬᠢᠶᠠᠨ ᠮᠠᠰᠢᠨ ᠵᠡᠷᠭᠡ ᠠᠯᠢ ᠤᠯᠠᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠦᠭᠰᠡᠨ ᠪᠠᠶᠢᠨ᠎ᠠ᠃ ︽ᠣᠯᠠᠨ ᠲᠦᠮᠡᠨ ᠤ ᠪᠠᠴᠢᠮ᠂ ᠬᠦᠴᠢᠷ᠂ ᠵᠣᠪᠠᠨᠢᠯ᠂ ᠬᠦᠰᠡᠯ ᠤᠨ ᠠᠰᠠᠭᠤᠳᠠᠯ ᠢ ᠰᠢᠢᠳᠪᠦᠷᠢᠯᠡᠵᠦ᠂ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠳᠣᠬᠢᠶᠠᠨ ᠳ᠋ᠧᠩ ᠵᠡᠷᠭᠡ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠬᠠᠭᠤᠴᠢᠨ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠳᠣᠬᠢᠶᠠᠨ ᠳ᠋ᠧᠩ ᠢ ᠨᠡᠮᠡᠵᠦ ᠥᠭᠡᠷᠡᠴᠢᠯᠡᠬᠦ ᠢᠨᠵᠧᠨᠧᠷᠢᠩ ᠢ 3 ᠰᠠᠷ᠎ᠠ ᠶᠢᠨ ᠬᠤᠭᠤᠴᠠᠭᠠᠨ ᠳᠤ ᠪᠦᠬᠦᠨ ᠢ ᠳᠠᠭᠤᠰᠬᠠᠵᠤ᠂ ᠵᠥᠪᠬᠡᠨ ᠠᠷᠠᠳ ᠣᠯᠠᠨ ᠳᠤ ᠠᠮᠤᠷ ᠲᠦᠪᠰᠢᠨ᠂ ᠰᠠᠭᠠᠳ ᠦᠭᠡᠢ᠂ ᠡᠮᠬᠢ ᠵᠢᠷᠤᠮ ᠲᠠᠢ ᠶᠠᠪᠤᠵᠤ ᠰᠠᠭᠤᠬᠤ ᠣᠷᠴᠢᠨ ᠨᠥᠬᠦᠴᠡᠯ ᠢ ᠪᠤᠶ ᠪᠣᠯᠭᠠᠵᠤ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ︾ ᠭᠡᠵᠦ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠱᠧᠨ ᡁᠢ ᠬᠤᠩ ᠬᠡᠯᠡᠪᠡ᠃    
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号