ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠰᠦᠯᠵᠢᠶᠡᠨ ᠳᠡᠭᠡᠷ᠎ᠡ ᠨᠠᠭᠠᠲᠤ ᠵᠠᠬ᠎ᠠ ᠶᠢᠨ ᠠᠮᠢᠳᠣᠷᠡᠯ ᠤᠨ ᠪᠠᠲᠤᠯᠠᠭ᠎ᠠ ᠶᠢᠨ ᠭᠡᠷᠡᠴᠢᠯᠡᠯ ᠤᠨ ᠠᠵᠢᠯ ᠢ ᠦᠷᠨᠢᠬᠦᠯᠵᠣ ᠪᠣᠢ
ᠨᠡᠶᠢᠲᠡᠯᠡᠭᠰᠡᠨ ᠴᠠᠭ᠄
2023/1/12
    ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠲᠣᠭᠲᠠᠮᠠᠯ ᠬᠤᠭᠤᠴᠠᠭ᠎ᠠ ᠲᠠᠢ ᠪᠠᠷ ᠭᠡᠷᠡᠴᠢᠯᠡᠯ ᠤᠨ ᠠᠵᠢᠯ ᠢ ᠪᠡᠶᠡᠯᠡᠭᠦᠯᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠭᠡᠷᠡᠴᠢᠯᠡᠯ ᠤᠨ ᠵᠢᠷᠤᠮᠵᠢᠭᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠤᠨ ᠬᠢᠨ ᠰᠦᠯᠵᠢᠶᠡᠨ ᠳᠡᠭᠡᠷ᠎ᠡ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠯ ᠤᠨ ᠠᠵᠢᠯ ᠢ ᠢᠳᠡᠪᠬᠢᠲᠡᠢ ᠥᠷᠨᠢᠭᠦᠯᠵᠦ᠂ ᠬᠠᠷᠢᠶ᠎ᠠ ᠣᠷᠣᠨ ᠤ ᠪᠠᠨ ᠨᠠᠭᠠᠳᠣ ᠵᠠᠬ᠎ᠠ ᠶᠢᠨ ᠠᠮᠢᠳᠣᠷᠡᠯ ᠤᠨ ᠪᠠᠳᠣᠯᠠᠭ᠎ᠠ  ᠶᠢᠨ ᠠᠵᠢᠯᠯᠠᠭ᠎ᠠ ᠶᠢ ᠰᠠᠶᠢᠳᠣᠷ ᠪᠡᠶᠡᠯᠡᠬᠦᠯᠵᠦ ᠪᠠᠶᠢᠨ᠎ᠠ᠃ ᠰᠦᠯᠵᠢᠶᠡᠨ ᠳᠡᠭᠡᠷᠡᠬᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠯ ᠤᠨ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠭᠡᠷᠡᠴᠢᠯᠡᠬᠦ ᠲᠠᠰ ᠳᠠᠷᠠᠭᠠᠯᠠᠯ ᠢ ᠲᠦᠢᠯ ᠤᠨ ᠶᠡᠭᠡ ᠪᠠᠷ ᠳᠥᠭᠦᠮᠴᠢᠯᠡᠵᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠰᠤᠷᠠᠭ ᠵᠠᠩᠭᠢ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠵᠤ᠂ ᠣᠷᠣᠯᠠᠨ ᠠᠪᠬᠤ ᠪᠠ ᠬᠠᠭᠤᠷᠮᠠᠭᠯᠠᠨ ᠠᠪᠬᠤ ᠦᠶ᠋ᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠵᠦ ᠴᠢᠳᠠᠬᠤ ᠪᠠᠷ ᠪᠠᠷᠠᠬᠤ ᠦᠭᠡᠢ᠂ ᠨᠠᠭᠠᠲᠤ ᠵᠠᠬ᠎ᠠ ᠶᠢᠨ ᠠᠮᠢᠳᠣᠷᠡᠯ ᠤᠨ ᠪᠠᠲᠤᠯᠠᠭ᠎ᠠ ᠶᠢᠨ ᠡᠷᠦᠬᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠣᠨ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ᠂ ᠵᠢᠷᠤᠮᠵᠢᠭᠤᠯᠬᠤ᠂ ᠣᠶᠤᠨᠴᠢᠯᠠᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃    
 
ᠢᠷᠡᠯᠲᠡ᠄ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号