ᠬᠤᠯᠪᠤᠭ᠎ᠠ ᠪᠠᠯᠭᠠᠰᠤᠨ ᠤ ᠰᠢᠷ᠎ᠠ ᠪᠤᠷᠴᠠᠭ ᠤᠨ ᠮᠤ᠋ ᠪᠦᠷᠢ ᠶᠢᠨ ᠴᠡᠪᠡᠷ ᠤᠷᠤᠯᠭ᠎ᠠ 600 ᠲᠦᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2023/1/12
     ᠨᠢᠳᠤᠨᠤᠨ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠡᠤ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢᠨ ᠤᠷᠢᠶᠠᠯᠠᠭ᠎ᠠ ᠶᠢ ᠳᠠᠭᠠᠵᠤ᠂ ᠲᠠᠷᠢᠮᠠᠯ ᠤᠨ ᠪᠦᠲᠦᠴᠡ ᠳᠤ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠯᠲᠠ ᠬᠢᠵᠦ᠂ ᠤᠤᠯ ᠤᠨ 1000 ᠮᠥ ᠰᠢᠷ᠎ᠠ ᠪᠤᠷᠴᠠᠭ ᠳᠠᠷᠢᠭᠰᠠᠨ ᠰᠠᠭᠤᠷᠢᠨ ᠳᠡᠭᠡᠷ᠎ᠡ᠂ ᠡᠷᠳᠡᠨᠢ ᠰᠢᠰᠢ ᠰᠢᠷ᠎ᠠ ᠪᠤᠷᠴᠠᠭ ᠤᠨ ᠪᠦᠰᠡᠯᠢᠭ ᠬᠠᠮ ᠲᠠᠷᠢᠮᠠᠯ ᠤᠨ ᠮᠡᠷᠭᠡᠵᠢᠯ ᠢᠶᠠᠷ 2500 ᠮᠥ ᠰᠢᠷ᠎ᠠ ᠪᠤᠷᠴᠠᠭ ᠳᠠᠷᠢᠵᠤ᠂ ᠰᠢᠷ᠎ᠠ ᠪᠤᠷᠴᠠᠭ ᠳᠠᠷᠢᠬᠤ ᠲᠠᠯᠠᠪᠠᠢ ᠶᠢ 2000 ᠮᠥ ᠥᠷᠭᠡᠳᠬᠡᠵᠡᠶ᠃ ᠵᠠᠯᠠᠶᠢᠳ ᠬᠤᠰᠢᠭᠤᠨ ᠤ ᠦ᠋ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠳ᠋ᠦ᠋ ᠭᠠᠩ᠄ ︽ᠨᠢᠳᠤᠨᠤᠨ ᠮᠠᠨ ᠤ ᠳᠠᠷᠢᠭᠰᠠᠨ ᠰᠢᠷ᠎ᠠ ᠪᠤᠷᠴᠠᠭ ᠡᠯᠪᠡᠭ ᠬᠤᠷᠢᠶᠠᠯᠲᠠ ᠣᠯᠵᠤ᠂ ᠮᠥ ᠪᠦᠷᠢ ᠶᠢᠨ ᠤᠨᠠᠯᠲᠠ ᠨᠢ ᠴᠥᠮ 550 ᠵᠢᠩ ᠠᠴᠠ ᠳᠡᠭᠡᠭᠰᠢ ᠪᠠᠶᠢᠵᠤ᠂ ᠮᠥ ᠪᠦᠷᠢ ᠶᠢᠨ ᠴᠡᠪᠡᠷ ᠠᠰᠢᠭ ᠬᠤᠨᠵᠢᠪᠣᠷᠢ ᠨᠢ 600 ᠲᠥᠭᠦᠷᠢᠭ ᠲᠤ ᠬᠦᠷᠴᠡᠶ︾ ᠭᠡᠵᠦ ᠰᠤᠷᠪᠤᠯᠵᠢᠯᠠᠭᠴᠢ ᠳᠤ ᠬᠡᠯᠡᠵᠡᠢ᠃      
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号