ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠣᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ | ᠂ ᠪᠣᠭᠤᠮᠲᠠ ᠶᠢᠨ ᠭᠠᠶᠢᠯᠢ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠬᠤᠯᠪᠣᠭᠠᠰᠤ | ᠴᠡᠭ ᠤᠨ ᠣᠶᠢᠯᠡᠳᠣᠯ ᠢ ᠬᠦᠢᠴᠡᠳ ᠪᠠᠳᠠᠷᠠᠭᠤᠯᠵᠤ᠂ ᠳᠡᠭᠡᠳᠤ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠪᠠᠷ ᠰᠢᠨ᠎ᠡ | ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠲᠥᠷᠥ ᠶᠢᠨ | ᠶᠠᠪᠤᠳᠠᠯ ᠤᠨ ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠲᠦᠷᠢᠮ ᠤᠨ ᠵᠥᠪᠯᠡᠯ ᠠᠯᠪᠠᠨ ᠵᠠᠷ ᠨᠡᠶᠢᠲᠡᠯᠡᠵᠦ᠂ | 2023 ᠣᠨ ᠳᠤ ᠬᠡᠰᠡᠭ ᠲᠠᠸᠠᠷ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠭᠤᠮᠲᠠ ᠶᠢᠨ | ᠭᠠᠶᠢᠯᠢ ᠳᠤ ᠲᠣᠬᠢᠷᠠᠭᠤᠯᠤᠯᠲᠠ ᠬᠢᠬᠦ ᠪᠠᠷ ᠪᠠᠶᠢᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ | ᠳᠡᠯᠭᠡᠭᠦᠷ ᠬᠤᠶᠠᠷ ᠵᠥᠢᠯ ᠤᠨ ᠡᠬᠢ ᠪᠠᠶᠠᠯᠢᠭ ᠤᠨ ᠬᠤᠯᠪᠣᠭᠠᠯᠠᠨ ᠬᠥᠳᠡᠯᠦᠯᠴᠡᠬᠦ ᠦᠢᠯᠡᠳᠤᠯ ᠢ ᠴᠢᠩᠭᠠᠳᠬᠠᠬᠤ ᠶᠢᠨ | ᠲᠤᠰᠠᠲᠠ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠤᠯᠤᠰ 1020 ᠵᠥᠢᠯ ᠤᠨ | ᠲᠠᠸᠠᠷ ᠲᠤ ᠬᠠᠮᠤᠭ ᠤᠨ ᠬᠠᠷᠠᠭᠠᠯᠵᠠᠯᠲᠤ ᠤᠯᠤᠰ ᠤᠨ ᠭᠠᠶᠢᠯᠢ ᠶᠢᠨ ᠨᠣᠷᠮ᠎ᠠ ᠠᠴᠠ ᠪᠠᠰᠠ ᠳᠤᠤᠷ᠎ᠠ ᠭᠠᠳᠠᠭᠠᠳᠤ ᠠᠴᠠ | ᠣᠷᠣᠭᠤᠯᠬᠤ ᠲᠦᠷ ᠴᠠᠭ ᠤᠨ ᠭᠠᠶᠢᠯᠢ ᠶᠢᠨ ᠨᠣᠷᠮ᠎ᠠ ᠶᠢ ᠬᠡᠷᠡᠭᠵᠢᠭᠦᠯᠬᠦ ᠪᠣᠯᠤᠨ᠎ᠠ᠃ | | |