ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ ᠠᠶᠢᠮᠠᠭ ᠤᠨ ᠳᠡᠳ᠋ ᠳᠠᠷᠤᠭ᠎ᠠ ᠵᠢᠶᠠᠩ ᠲᠢᠶᠠᠨ ᠬᠤ᠋ ᠤᠯᠠᠭᠠᠨᠬᠤᠲᠠ ᠳᠤ ᠢᠷᠡᠵᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/1/16
   1 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠᠩ ᠲᠢᠶᠠᠨ ᠬᠤ᠋ ᠤᠯᠠᠭᠠᠨᠬᠤᠲᠠ ᠳᠤ ᠢᠷᠡᠵᠦ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠦ ᠭᠠᠩ ᠪᠣᠯᠣᠨ ᠠᠶᠢᠮᠠᠭ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠶᠢᠴᠠᠭᠠᠨ ᠰᠤᠳᠤᠯᠤᠯᠲᠠ ᠬᠢᠪᠡ᠃    ᠵᠢᠶᠠᠩ ᠲᠢᠶᠠᠨ ᠬᠤ᠋ ᠨᠠᠷ ᠤᠷᠢᠳ ᠬᠤᠵᠢᠳ ᠬᠢᠩᠭᠠᠨ ᠠᠶᠢᠮᠠᠭ ᠤᠨ ᠪᠥᠸᠧ ᠶᠤᠸᠠᠨ ᠬᠢᠮᠢ ᠶᠢᠨ ᠬᠢᠵᠠᠭᠠᠷᠲᠤ ᠺᠣᠮᠫᠠᠨᠢ᠂ ᠬᠢᠩᠭᠠᠨ ᠠᠶᠢᠮᠠᠭ ᠤᠨ ᠤᠯᠠᠭᠠᠨ ᠲᠠᠢ ᠠᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠠᠷ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠪᠠᠷ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠵᠢᠶᠠᠩ ᠲᠢᠶᠠᠨ ᠬᠤ᠋ ᠠᠴᠠ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠡᠯ᠎ᠡ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠵᠠᠪᠰᠢᠶᠠᠨ ᠢ ᠳᠠᠯᠢᠮᠳᠠᠭᠤᠯᠬᠤ ᠪᠤᠳᠤᠯ ᠢ ᠡᠷᠡᠰ ᠲᠡᠪᠴᠢᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠬᠤ ᠬᠡᠷᠡᠭᠲᠡᠢ ᠭᠡᠵᠡᠢ᠃    ᠵᠢᠶᠠᠩ ᠲᠢᠶᠠᠨ ᠬᠤ᠋ ᠠᠴᠠ᠂ ᠡᠯ᠎ᠡ ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠡᠳᠦᠷ ᠲᠤᠳᠤᠮ ᠤᠨ ᠪᠣᠯᠪᠠᠰᠤᠷᠠᠯ ᠪᠣᠯᠣᠨ ᠰᠣᠷᠢᠯᠲᠠ ᠪᠠᠨ ᠴᠢᠩᠭᠠᠳᠬᠠᠵᠤ᠂ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠭᠤᠭᠴᠤᠭ᠎ᠠ ᠳᠤ ᠪᠠᠶᠢᠴᠠᠭᠠᠯᠲᠠ ᠬᠢᠵᠦ᠂ ᠰᠢᠨᠵᠢᠯᠡᠬᠦ ᠤᠬᠠᠭᠠᠨᠴᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠡ᠊ᠡᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号