ᠰᠦᠨ ᠱᠤᠤ ᠴᠧᠩ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠬᠢᠩᠭᠠᠨ ᠤ ᠡᠬᠡ ᠭᠠᠵᠠᠷ ᠤᠨ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠬᠤ ᠶᠠᠪᠤᠳᠠᠯ ᠢ ᠳᠡᠶᠢᠯᠦᠩᠭᠦᠢ ᠪᠠᠶᠢᠷᠢᠨ ᠳᠤ ᠲᠠᠯᠪᠢᠬᠤ ᠬᠡᠷᠡᠭᠲᠡᠢ ᠭᠡᠪᠡ
ᠨᠡᠶᠢᠲᠡᠯᠡᠭᠰᠡᠨ ᠴᠠᠭ᠄
2023/1/16
     1  ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠴᠢ ᠯᠢᠨ᠂ ᠪᠦᠦ ᠶᠢᠨ ᠴᠢᠤᠸᠠᠨ᠂ ᠰᠦᠨ ᠮᠢᠩ᠂ ᠸᠠᠩ ᠬᠠᠢ ᠮᠧᠩ᠂ ᠰᠢᠶᠠᠩ ᠭᠦᠩ ᠸᠧᠢ᠂ ᠰᠢᠤᠢ ᠰᠢᠩ ᠵᠢᠶᠠᠨ᠂ ᠸᠠᠩ ᠰᠢᠶᠤᠤ ᠬᠤᠸᠠᠨ᠂ ᠫᠢᠶᠣᠣ ᠴᠧᠩ ᠺᠦᠢ᠂ ᠰᠦᠬᠡ᠂ ᠸᠠᠩ ᠭᠠᠩ ᠤᠷᠢᠳ ᠬᠤᠵᠢᠳ  ᠶᠠᠷᠢᠶ᠎ᠠ ᠲᠠᠯᠪᠢᠪᠠ᠃ ᠣᠯᠠᠨ ᠢᠶᠠᠷ ᠢᠶᠠᠨ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠨᠢᠯᠲᠠ ᠣᠶᠢᠯᠠᠭᠠᠯᠲᠠ ᠪᠠᠨ  ᠰᠦᠯᠢᠯᠴᠠᠵᠦ  ᠂ ᠰᠠᠨᠠᠯ ᠰᠠᠨᠠᠭᠤᠯᠭ᠎ᠠ ᠳᠤᠷᠠᠳᠴᠠᠶ᠃     ᠰᠦᠨ ᠱᠤᠤ ᠴᠧᠩ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ᠂ ᠬᠢᠩᠭᠠᠨ ᠠᠶᠢᠮᠠᠭ ᠤᠨ ᠠᠮᠢ ᠠᠬᠤᠶ ᠶᠢᠨ ᠪᠠᠶᠢᠷᠢ ᠰᠠᠭᠤᠷᠢ ᠲᠦᠢᠯ ᠤᠨ ᠴᠢᠬᠤᠯᠠ ᠶᠤᠮ᠂ ᠪᠥᠬᠦ ᠠᠶᠢᠮᠠᠭ ᠳᠠᠶᠠᠭᠠᠷ ᠢᠶᠠᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠨᠢᠭᠡ ᠠᠴᠠ ᠨᠥᠭᠦᠭᠡ ᠶᠢ   ᠵᠦᠢᠴᠢᠯᠡᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠬᠢᠵᠦ ᠪᠣᠯᠬᠤ ᠥᠬᠡᠶ ᠠᠵᠢᠯ ᠢ ᠶᠠᠭᠠᠬᠢᠭᠰᠠᠨ ᠴᠤ ᠬᠢᠬᠦ ᠥᠬᠡᠶ ᠪᠠᠶᠢᠬᠤ ᠬᠡᠷᠡᠭᠲᠡᠶ᠃ ᠠᠮᠢ ᠠᠬᠤᠶ ᠶᠢᠨ ᠮᠠᠯ ᠠᠵᠤ ᠠᠬᠤᠶ ᠲᠠᠷᠢᠶᠠᠯᠠᠩ᠂ ᠠᠮᠢ ᠠᠬᠤᠶ ᠶᠢᠨ ᠵᠤᠭᠠᠴᠠᠯ ᠤᠨ ᠦᠢᠯᠡᠰ ᠢ ᠶᠡᠭᠡ ᠪᠠᠷ ᠬᠥᠭᠵᠢᠭᠦᠯᠵᠦ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ᠭᠠᠵᠠᠷ ᠰᠢᠷᠣᠶ ᠶᠢᠨ  ᠭᠦᠢᠴᠡᠳᠭᠡᠯ ᠲᠤᠭ᠎ᠠ ᠶᠢᠨ ᠠᠷᠠᠯᠵᠢᠶ᠎ᠠ ᠪᠠ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ  ᠭᠦᠢᠴᠡᠳᠭᠡᠯ ᠲᠤᠭ᠎ᠠ ᠶᠢᠨ ᠠᠷᠠᠯᠵᠢᠶ᠎ᠠ ᠭᠡᠬᠦ ᠬᠤᠶᠠᠷ  ᠵᠦᠢᠯ ᠤᠨ ︽ᠰᠠᠶᠢᠨ ᠠᠷᠠᠯᠵᠢᠶ᠎ᠠ︾ ᠶᠢ ᠰᠠᠶᠢᠲᠤᠷ ᠬᠢᠵᠦ᠂ ᠪᠠᠶᠢᠭᠠᠯᠢ ᠶᠢᠨ ᠡᠳ᠋ ᠪᠠᠶᠠᠯᠢᠭ ᠢ ᠨᠠᠩ ᠣᠯᠠᠨ ᠠᠵᠤ ᠠᠬᠤᠶ ᠶᠢᠨ ᠡᠳ᠋ ᠪᠠᠶᠠᠯᠢᠭ ᠪᠣᠯᠭᠠᠨ ᠬᠤᠪᠢᠷᠠᠭᠤᠯᠬᠤ ᠬᠡᠷᠡᠭᠲᠡᠶ᠃ ᠰᠦᠨ ᠱᠤᠤ ᠴᠧᠩ᠂ ᠮᠠᠯ ᠠᠵᠤ ᠠᠬᠤᠢ ᠲᠠᠷᠢᠶᠠᠯᠠᠩ ᠪᠣᠯ ᠬᠢᠩᠭᠠᠨ ᠠᠶᠢᠮᠠᠭ ᠤᠨ ᠳᠠᠪᠠᠭᠤᠯᠢᠭ ᠠᠵᠤ ᠦᠢᠯᠡᠰ᠂ ᠡᠵᠡᠨ ᠰᠠᠭᠤᠬᠤ ᠠᠵᠤ ᠦᠢᠯᠡᠰ ᠮᠥᠨ᠂ ᠪᠠᠷᠢᠮᠵᠢᠶ᠎ᠠ ᠶᠡᠭᠡ᠂ ᠴᠢᠨᠠᠷ ᠰᠠᠶᠢᠲᠠᠢ᠂ ᠦᠨ᠎ᠡ ᠥᠨᠳᠥᠷ ᠪᠠᠶᠢᠬᠤ ᠴᠢᠭᠯᠡᠯ ᠢ ᠬᠠᠷᠠᠭᠠᠯᠠᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠪᠠ ᠬᠡᠪᠴᠢᠶᠡᠵᠢᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠠᠮᠤ ᠪᠤᠳᠠᠭ᠎ᠠ᠂ ᠲᠡᠵᠢᠭᠡᠯ ᠡᠪᠡᠰᠦ ᠪᠣᠯᠤᠨ ᠮᠠᠯ ᠤᠨ ᠬᠡᠮᠵᠢᠶ᠎ᠡ ᠶᠢ ᠶᠡᠬᠡᠳᠬᠡᠵᠦ᠂ ᠶᠠᠰᠤ ᠴᠢᠨᠠᠷ ᠢ ᠰᠢᠯᠢᠳᠡᠭᠵᠢᠭᠦᠯᠬᠦ ᠪᠠᠷ ᠴᠢᠷᠮᠠᠶᠢᠬᠤ ᠬᠡᠷᠡᠭᠲᠡᠶ᠃ ᠦᠢᠯᠡᠳᠪᠦᠷᠢᠯᠡᠯ ᠢ ᠴᠢᠬᠤᠯᠠᠴᠢᠯᠠᠬᠤ ᠮᠥᠷᠲᠡᠭᠡᠨ ᠡᠵᠡᠩᠨᠡᠯᠲᠡ ᠶᠢ ᠴᠢᠬᠤᠯᠠᠴᠢᠯᠠᠵᠤ᠂ ᠨᠠᠷᠢᠯᠢᠭ ᠭᠦᠨ ᠪᠣᠯᠪᠠᠰᠤᠷᠠᠭᠤᠯᠬᠤ ᠶᠢ ᠶᠡᠭᠡ ᠪᠠᠷ ᠬᠥᠭᠵᠢᠭᠦᠯᠦᠨ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠡᠵᠡᠩᠨᠡᠨ ᠪᠣᠷᠣᠯᠠᠭᠤᠯᠬᠤ ᠬᠡᠪ ᠵᠠᠭᠪᠤᠷ ᠢ ᠰᠠᠶᠢᠵᠢᠷᠠᠭᠤᠯᠤᠨ᠂ ᠰᠠᠶᠢᠨ ᠶᠠᠭᠤᠮ᠎ᠠ ᠶᠢ ᠰᠠᠶᠢᠨ ᠦᠨ᠎ᠡ ᠪᠠᠷ ᠬᠤᠳᠠᠯᠳᠤᠬᠤ ᠬᠡᠷᠡᠭᠲᠡᠢ᠃     ᠰᠦᠨ ᠱᠤᠤ ᠴᠧᠩ᠂ ᠬᠢᠩᠭᠠᠨ ᠠᠶᠢᠮᠠᠭ ᠪᠣᠯ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠦ ᠶᠢᠨ ᠪᠤᠳᠤᠯᠭ᠎ᠠ ᠶᠢᠨ ᠬᠠᠮᠤᠭ ᠤᠨ ᠡᠷᠲᠡ ᠦᠢᠯᠡᠳᠦᠯᠭᠡᠵᠢᠭᠦᠯᠦᠭᠰᠡᠨ ᠭᠠᠵᠠᠷ ᠪᠣᠯᠤᠨ᠎ᠠ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠥᠭᠵᠢᠯᠲᠡ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠲᠦᠯᠬᠢᠭᠦᠷ ᠮᠥᠨ᠂ ᠭᠠᠵᠠᠷ ᠣᠷᠣᠨ ᠤ ᠪᠣᠳᠠᠲᠠᠢ ᠪᠠᠶᠢᠳᠠᠯ ᠳᠤ ᠰᠠᠭᠤᠷᠢᠯᠠᠨ ᠠᠵᠤ ᠠᠬᠤᠢ ᠶᠢᠨ ᠬᠥᠭᠵᠢᠯᠲᠡ ᠶᠢ ᠰᠠᠶᠢᠲᠤᠷ ᠠᠳᠬᠤᠵᠤ᠂ ᠬᠥᠭᠵᠢᠯᠲᠡ ᠶᠢᠨ ᠦᠷ᠎ᠡ ᠪᠦᠲᠦᠭᠡᠯ ᠢ ᠦᠨᠡᠨ ᠬᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠳᠡᠭᠡᠷ᠎ᠡ ᠢᠯᠡᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠠᠮ ᠤᠨ ᠠᠴᠢ ᠳᠤ ᠨᠡᠩ ᠴᠢᠩ ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号