ᠸᠠᠩ ᠰᠢᠶᠤᠤ ᠬᠤᠸᠠᠨ ᠲᠦᠯᠦᠭᠡᠯᠡᠭᠴᠢ᠄ ᠷᠠᠰᠢᠶᠠᠨ ᠤ ᠵᠤᠭᠠᠴᠠᠯ ᠤᠨ ᠠᠵᠦ ᠦᠢᠯᠡᠰ ᠤᠨ ᠶᠠᠰᠤ ᠴᠢᠨᠠᠷ  ᠢ ᠳᠡᠭᠡᠭ᠌ᠰᠢᠯᠡᠭᠦᠯᠦᠨ ᠲᠠᠰ  ᠳᠡᠪᠰᠢᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/1/16
     ︽ᠵᠠᠰᠠᠭ ᠤᠨ ᠤᠷᠳᠤᠨ ᠤ ᠠᠵᠢᠯ ᠤᠨ ᠢᠯᠡᠳᠭᠡᠯ  ᠳᠤ᠂  ᠷᠠᠰᠢᠶᠠᠨ ᠤ ᠤᠯᠤᠰ  ᠤᠨ ᠲᠠᠰ  ᠤᠨ  ᠵᠤᠭᠠᠴᠠᠯ ᠤᠨ  ᠠᠮᠠᠷᠠᠯᠳᠠ ᠶᠢᠨ  ᠤᠷᠤᠨ ᠤ  ᠵᠦᠪᠰᠢᠶᠡᠷᠡᠯ ᠢ ᠤᠯᠬᠤ ᠪᠠᠷ ᠪᠥᠬᠦ  ᠬᠦᠴᠦᠨ ᠢᠶᠠᠷ ᠢᠶᠠᠨ  ᠴᠢᠷᠮᠠᠶᠢᠵᠦ ᠂ ᠥᠪᠥᠷ ᠮᠣᠩᠭᠤᠯ ᠢ ᠬᠤᠪᠢ ᠶᠢᠨ ᠮᠠᠰᠢᠨ ᠵᠢᠯᠤᠭᠤᠳᠤᠨ ᠵᠢᠭᠤᠯᠴᠢᠯᠠᠬᠤ ᠲᠡᠷᠢᠭᠦᠨ  ᠰᠤᠩᠭᠤᠯᠳᠠ ᠶᠢᠨ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠰᠠᠢᠨ ᠰᠤᠩᠭᠤᠯᠳᠠ ᠶᠢᠨ ᠭᠠᠵᠠᠷ᠂ ᠠᠮᠠᠷᠠᠨ ᠵᠢᠭᠤᠯᠴᠢᠯᠠᠬᠤ ᠲᠤ ᠵᠠᠪᠠᠯ ᠰᠣᠩᠭᠤᠬᠤ ᠭᠠᠵᠠᠷ᠂ ᠡᠷᠡᠭᠦᠯᠵᠢᠯ ᠰᠤᠩᠭᠤᠯᠳᠠ ᠶᠢᠨ ᠵᠢᠭᠤᠯᠴᠢᠯᠠᠯ ᠤᠨ ᠰᠢᠯᠢᠳᠡᠭ  ᠰᠤᠩᠭᠤᠯᠳᠠ ᠶᠢᠨ ᠭᠠᠵᠠᠷ ᠪᠣᠯᠭᠠᠨ᠎ᠠ ᠭᠡᠵᠦ ᠳᠤᠷᠠᠳᠤᠬᠰᠡᠨ᠋ ᠨᠢ  ᠷᠠᠰᠢᠶᠠᠨ ᠬᠤᠳᠠ ᠳᠤ  ᠬᠤᠶᠢᠰᠢᠳᠠ ᠶᠢᠨ ᠭᠡᠰᠡᠭ  ᠬᠤᠭᠤᠴᠠᠭᠠᠨ ᠤ ᠵᠢᠭᠤᠯᠴᠢᠯᠠᠯ  ᠤᠨ ᠠᠵᠤ  ᠦᠢᠯᠡᠰ ᠤᠨ  ᠬᠦᠭᠵᠢᠯᠳᠡ ᠶᠢᠨ ᠬᠠᠷᠠᠯᠲᠠ ᠪᠠ  ᠴᠢᠭᠯᠡᠯ ᠢ ᠲᠣᠳᠣᠷᠬᠠᠶ ᠵᠢᠭᠠᠵᠤ᠂  ᠷᠠᠰᠢᠶᠠᠨ ᠬᠤᠳᠠ ᠶᠢᠨ  ᠴᠢᠨᠠᠷ  ᠰᠠᠶᠢᠳᠠᠢ ᠬᠦᠭᠵᠢᠯᠳᠡ ᠶᠢ ᠦᠷᠭᠦᠯᠵᠢᠯᠡᠨ ᠠᠬᠢᠭᠤᠯᠬᠤ ᠢᠲᠡᠭᠡᠯ  ᠵᠤᠷᠢᠭ ᠢ ᠬᠥᠪᠴᠢᠯᠡᠪᠠ︾ ᠭᠡᠵᠤ 1 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠤᠷᠤᠨ ᠤ ᠠᠷᠠᠳ  ᠤᠨ ᠲᠦᠯᠦᠭᠡᠯᠡᠭᠴᠢ᠂  ᠷᠠᠰᠢᠶᠠᠨ  ᠬᠤᠳᠠ ᠶᠢᠨ ᠳᠠᠷᠤᠭ᠎ᠠ ᠸᠠᠩ  ᠰᠢᠶᠤᠤ ᠬᠤᠸᠠᠨ  ᠰᠤᠷᠪᠤᠯᠵᠢᠯᠠᠭᠴᠢ ᠳᠤ ᠬᠡᠯᠡᠪᠡ᠃
 
                           ᠸᠠᠩ ᠰᠢᠶᠤᠤ ᠬᠤᠸᠠᠨ ᠲᠦᠯᠦᠭᠡᠯᠡᠭᠴᠢ    ᠣᠨᠢᠨ ᠳᠡᠭᠡᠷ᠎ᠡ ᠨᠢ ᠬᠦᠴᠦᠯᠡᠵᠦ  ᠬᠡᠷᠡᠭᠯᠡᠭᠡ ᠶᠢ ᠠᠳᠬᠤᠬᠤ ᠲᠠᠯ᠎ᠠ ᠪᠠᠷ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ  ᠳᠤ᠂ ᠵᠢᠭᠤᠯᠴᠢᠯᠠᠯ ᠪᠣᠯ  ᠦᠨᠢᠳᠡ ᠶᠢᠨ ᠥᠭᠡᠳᠡᠷᠬᠡᠭ ᠠᠵᠤ  ᠦᠢᠯᠡᠰ ᠪᠤᠯᠬᠤ ᠪᠦᠭᠡᠳ ᠪᠠᠰᠠ ᠴᠣ᠋ ᠨᠡᠢᠲᠡᠯᠢᠭ  ᠬᠡᠷᠡᠭᠯᠡᠭᠡᠨ ᠤ ᠠᠵᠤ ᠠᠬᠤᠶ ᠮᠥᠨ᠂ ᠵᠠᠩᠭᠢᠯᠠᠭ᠎ᠠ ᠨᠢ ᠴᠢᠨᠠᠷ ᠴᠢᠨᠰᠠᠭ᠎ᠠ ᠶᠢ ᠳᠡᠭᠡᠭ᠌ᠰᠢᠯᠡᠭᠦᠯᠵᠦ᠂ ᠨᠡᠷ᠎ᠡ ᠠᠯᠳᠠᠷ  ᠶᠢ ᠮᠠᠨᠳᠤᠭᠤᠯᠵᠤ᠂  ᠤᠯᠠᠨ ᠤ ᠬᠦᠷᠢᠶᠡᠯᠡᠯ  ᠶᠢ ᠤᠯᠬᠤ ᠶᠠᠪᠤᠳᠠᠯ ᠪᠣᠯᠤᠨ᠎ᠠ ᠭᠡᠵᠤ ᠲᠤᠷᠠᠳᠴᠠᠢ᠃    ᠬᠡᠷᠬᠢᠨ ᠵᠢᠭᠤᠯᠴᠢᠯᠠᠯ  ᠤᠨ ᠵᠠᠬ᠎ᠠ ᠳᠡᠯᠭᠡᠭᠦᠷ  ᠤᠨ  ᠬᠡᠷᠡᠭᠯᠡᠭᠡ ᠶᠢ ᠲᠠᠰᠤᠷᠠᠯᠲᠠ ᠥᠬᠡᠶ ᠠᠬᠢᠭᠤᠯᠵᠤ᠂ ᠷᠠᠰᠢᠶᠠᠨ ᠤ ᠵᠢᠭᠤᠯᠴᠢᠯᠠᠯ  ᠶᠢ ᠨᠠᠩ  ᠬᠦᠭᠵᠢᠶᠡᠨᠲᠡᠢ ᠪᠣᠯᠭᠠᠬᠤ ᠪᠣᠶ︖ ᠸᠠᠩ ᠰᠢᠶᠤᠤ ᠬᠤᠸᠠᠨ  ᠲᠦᠯᠦᠭᠡᠯᠡᠭᠴᠢ  ᠲᠠᠨᠢᠯᠴᠠᠭᠤᠯᠬᠤ ᠳᠠᠭᠠᠨ᠂  ᠷᠠᠰᠢᠶᠠᠨ ᠬᠤᠳᠠ ᠶᠢᠨ ᠬᠢᠨ ᠵᠢᠭᠤᠯᠴᠢᠯᠠᠯ ᠤᠨ ᠵᠠᠬ᠎ᠠ ᠳᠡᠯᠭᠡᠭᠦᠷ  ᠤᠨ  ᠰᠡᠷᠭᠦᠯᠳᠡ ᠶᠢᠨ ᠠᠵᠠ ᠲᠣᠬᠢᠶᠠᠯ  ᠢ ᠠᠮᠵᠢᠵᠤ᠂ ᠡᠵᠡᠩᠨᠡᠨ ᠪᠣᠷᠣᠯᠠᠭᠤᠯᠬᠤ ᠤᠬᠠᠭᠤᠯᠭ᠎ᠠ ᠶᠢᠨ ᠵᠠᠭᠪᠤᠷ ᠢᠶᠠᠨ ᠰᠢᠨ᠎ᠡ  ᠶᠢ ᠡᠭᠦᠳᠦᠨ ᠥᠷᠭᠡᠳᠭᠡᠵᠦ᠂  ᠵ‍‌ᠵᠢᠭᠤᠯᠴᠢᠯᠠᠭᠴᠢᠳ ᠲᠤ ᠷᠠᠰᠢᠶᠠᠨ ᠢ ᠨᠠᠩ ᠠᠮᠢᠳᠤᠯᠢᠭ᠂ ᠨᠠᠩ ᠭᠦᠨᠵᠡᠭᠡᠶ ᠤᠶᠢᠯᠠᠭᠠᠭᠤᠯᠬᠤ ᠪᠣᠯᠤᠨ᠎ᠠ  ᠃ ᠪᠣᠰᠤᠭ᠎ᠠ ᠴᠣᠭ᠍ᠴᠠᠲᠤ ᠵᠠᠮ  ᠬᠠᠷᠢᠯᠴᠠᠭᠠᠨ ᠤ ᠲᠣᠣᠷ ᠤᠨ ᠪᠦᠲᠦᠭᠡᠨ  ᠪᠠᠶᠢᠭᠤᠯᠤᠯᠳᠠ ᠶᠢ ᠲᠡᠭᠦᠯᠳᠡᠷᠵᠢᠭᠦᠯᠵᠦ᠂ ︽ ᠭᠠᠳᠠᠭᠰᠢ ᠪᠠᠨ ᠬᠤᠯᠪᠣᠭᠠᠯᠠᠵᠤ  ᠲᠤᠳᠤᠭᠠᠳᠤ   ᠳᠠᠭᠠᠨ ᠰᠠᠭᠠᠳ ᠦᠭᠡᠢ ᠨᠡᠪᠲᠡᠷᠡᠬᠦ︾ ᠵᠠᠮ ᠬᠠᠷᠢᠯᠴᠠᠭᠠᠨ ᠤ ᠰᠢᠰᠲ᠋ᠧᠮ  ᠢ ᠪᠠᠶᠢᠭᠤᠯᠵᠦ᠂ ᠵᠢᠭᠤᠯᠴᠢᠯᠠᠭᠴᠢᠳ  ᠤᠨ ᠨᠠᠩ ᠥᠨᠳᠥᠷ ᠪᠦᠲᠦᠮᠵᠢᠲᠡᠢ᠂ ᠨᠠᠩ ᠳᠥᠭᠦᠮ  ᠳᠦᠳᠡ ᠪᠠᠷ  ᠷᠠᠰᠢᠶᠠᠨ ᠳᠤ ᠢᠷᠡᠬᠦᠯᠤᠨ᠎ᠠ  ᠃ ᠴᠢᠨᠠᠷ ᠰᠠᠢᠲᠠᠶ ᠵᠢᠭᠤᠯᠴᠢᠯᠠᠯ ᠤᠨ ᠦᠢᠯᠡᠳᠭᠦᠨ ᠪᠠ ᠰᠢᠨ᠎ᠡ ᠪᠠᠷ ᠪᠣᠶ ᠪᠤᠯᠤᠭᠰᠠᠨ ᠵᠢᠭᠤᠯᠴᠢᠯᠠᠯ  ᠤᠨ ᠡᠵᠡᠩᠨᠡᠯᠳᠡ ᠶᠢᠨ ᠭᠡᠯᠪᠡᠷᠢ ᠶᠢ ᠲᠠᠰᠤᠷᠠᠯᠲᠠ ᠥᠬᠡᠶ ᠪᠠᠶᠡᠯᠢᠭᠵᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ  ᠤᠨ ᠠᠮᠢᠵᠢᠷᠠᠯ  ᠤᠨ  ᠬᠦᠴᠦᠨ ᠢ ᠦᠷᠭᠦᠯᠵᠢᠯᠡᠨ ᠬᠦᠭᠵᠢᠭᠡᠵᠦ᠂ ᠵᠢᠭᠤᠯᠴᠢᠯᠠᠭᠴᠢᠳ  ᠤ ᠷᠠᠰᠢᠶᠠᠨ ᠢᠶᠠᠷ ᠨᠠᠩ ᠪᠠᠶᠠᠷ ᠬᠥᠷ ᠲᠠᠢ᠂ ᠨᠠᠩ ᠲᠡᠭᠦᠯᠳᠡᠷ  ᠢᠶᠠᠷ ᠵᠢᠭᠤᠯᠴᠢᠯᠠᠭᠤᠯᠤᠨ᠎ᠠ᠃ ᠪᠦᠷᠢᠨ ᠲᠡᠭᠦᠯᠳᠡᠷ ᠵᠢᠭᠤᠯᠴᠢᠯᠠᠯ  ᠤᠨ ᠵᠠᠬ᠎ᠠ ᠳᠡᠯᠭᠡᠭᠦᠷ  ᠤᠨ  ᠦᠢᠯᠡᠴᠢᠯᠡᠭᠡᠨ ᠤ ᠰᠢᠰᠲ᠋ᠧᠮ  ᠢ  ᠪᠠᠶᠢᠭᠤᠯᠵᠦ᠂ ᠵᠢᠭᠤᠯᠴᠢᠯᠠᠯ  ᠤᠨ ᠵᠠᠬ᠎ᠠ ᠳᠡᠯᠭᠡᠭᠦᠷ  ᠤᠨ ᠡᠮᠬᠢ ᠵᠠᠮᠪᠠᠷᠠᠭ᠎ᠠ ᠥᠬᠡᠶ ᠪᠠᠢᠳᠠᠯ  ᠢ ᠡᠷᠡᠰ ᠬᠤᠷᠢᠭᠯᠠᠵᠣ᠂ ᠵᠢᠭᠤᠯᠴᠢᠯᠠᠭᠴᠢᠳ ᠤᠨ ᠨᠠᠩ ᠰᠠᠨᠠᠭ᠎ᠠ ᠠᠮᠤᠷ᠂ ᠨᠠᠩ ᠲᠠᠭᠠᠯᠠᠮᠵᠢᠲᠠᠶ ᠪᠠᠷ ᠷᠠᠰᠢᠶᠠᠨ ᠢ ᠪᠡᠶᠡᠴᠢᠯᠡᠨ ᠣᠢᠯᠠᠭᠠᠬᠤ ᠪᠣᠯᠭᠠᠨ᠎ᠠ ᠭᠡᠵᠤ ᠲᠠᠨᠢᠯᠴᠠᠭᠤᠯᠪᠠ᠃    ︽ᠶᠡᠷᠦᠩᠬᠡᠢᠯᠡᠪᠡᠯ᠂ ᠪᠢᠳᠡ ᠬᠤᠯᠪᠤᠭᠳᠠᠯ ᠪᠥᠬᠦᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ  ᠨᠠᠶᠢᠳᠠᠪᠤᠷᠢᠵᠢᠭᠤᠯᠵᠦ᠂  ᠷᠠᠰᠢᠶᠠᠨ ᠤ ᠵᠢᠭᠤᠯᠴᠢᠯᠠᠯ ᠤᠨ ᠠᠵᠤ  ᠦᠢᠯᠡᠰ  ᠤᠨ ᠶᠠᠰᠤ ᠴᠢᠨᠠᠷ  ᠢ ᠳᠡᠭᠡᠭ᠌ᠰᠢᠯᠡᠭᠦᠯᠦᠨ ᠲᠠᠰ  ᠳᠡᠪᠰᠢᠭᠦᠯᠬᠦ ᠶᠢ ᠲᠠᠰᠤᠷᠠᠯᠲᠠ ᠥᠬᠡᠶ ᠠᠬᠢᠭᠤᠯᠵᠤ᠂ ᠤᠯᠤᠰ  ᠤᠨ ᠲᠠᠰ  ᠤᠨ ᠵᠢᠭᠤᠯᠴᠢᠯᠠᠯ  ᠠᠮᠠᠷᠠᠯᠳᠠ ᠶᠢᠨ ᠤᠷᠤᠨ ᠢ ᠡᠭᠦᠳᠦᠨ ᠪᠠᠢᠭᠤᠯᠬᠤ ᠠᠵᠢᠯ  ᠤᠨ  ᠬᠠᠷᠠᠯᠳᠠ ᠶᠢ ᠡᠷᠡᠰ ᠪᠡᠶᠡᠯᠡᠭᠦᠯᠦᠨ᠎ᠡ︾ ᠭᠡᠵᠤ ᠸᠠᠩ ᠰᠢᠶᠤᠤ ᠬᠤᠸᠠᠨ ᠢᠲᠡᠭᠡᠯ ᠳᠦᠭᠦᠷᠡᠩ ᠢᠯᠡᠳᠭᠡᠪᠡ᠃    
 
ᠢᠷᠡᠯᠲᠡ᠄ ᠲᠤᠮᠳᠠᠳᠤ ᠤᠯᠤᠰ  ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号