ᠭᠦᠵᠡᠯᠵᠡᠭᠡᠨ᠎ᠡ ᠶᠢᠨ ᠠᠮᠲᠠᠲᠤ ᠰᠠᠶᠢᠬᠠᠨ ᠦᠨᠦᠷ ᠬᠠᠩᠬᠤᠯᠵᠤ ᠪᠠᠶᠢᠯ᠎ᠠ
ᠨᠡᠶᠢᠲᠡᠯᠡᠭᠰᠡᠨ ᠴᠠᠭ᠄
2023/1/17
 
    1 ᠰᠠᠷ᠎ᠠ ᠶᠢᠨ 13 ᠤ ᠡᠳᠦᠷ᠂ ᠰᠤᠷᠪᠤᠯᠵᠢᠯᠠᠭᠴᠢ ᠤᠯᠠᠭᠠᠨᠬᠤᠲᠠ ᠵᠢᠨ‌ᠢᠯᠡᠯᠳᠡ ᠪᠠᠯᠭᠠᠰᠤᠨ ᠤ  ᠢᠯᠡᠯᠳᠡ ᠭᠠᠴᠠᠭ᠎ᠠ ᠶᠢᠨ ᠭᠦᠵᠡᠯᠵᠡᠭᠡᠨ᠎ᠡ ᠲᠡᠭᠦᠬᠦ ᠬᠦᠷᠢᠶᠡᠯᠡᠩ ᠤᠨ ᠬᠦᠯᠡᠮᠵᠢ ᠳᠤ ᠬᠦᠷᠬᠦ ᠳᠤ᠂ ᠨᠣᠭᠤᠭᠠᠨ ᠨᠠᠪᠴᠢ ᠶᠢᠨ ᠳᠣᠤᠷ᠎ᠠ ᠬᠡᠯᠪᠡᠷᠢ ᠳᠦᠷᠰᠦ ᠳᠦᠭᠦᠷᠡᠩ ᠭᠦᠵᠡᠯᠵᠡᠭᠡᠨ᠎ᠡ  ᠠᠩᠬᠢᠯᠤᠮ᠎ᠠ ᠰᠠᠶᠢᠬᠠᠨ ᠦᠨᠦᠷ ᠬᠠᠩᠬᠤᠯᠵᠤ ᠪᠠᠶᠢᠯ᠎ᠠ ᠶᠢ ᠣᠯᠵᠤ ᠬᠠᠷᠠᠨ᠎ᠠ᠃     ᠤᠯᠠᠭᠠᠨᠬᠤᠲᠠ ᠶᠢᠨ ᠢᠯᠡᠯᠳᠡ ᠭᠠᠴᠠᠭ᠎ᠠ ᠶᠢᠨ ᠢᠯᠡᠯᠳᠡ ᠭᠠᠴᠠᠭ᠎ᠠ ᠶᠢᠨ ᠭᠦᠵᠡᠯᠵᠡᠭᠡᠨ᠎ᠡ ᠲᠡᠭᠦᠬᠦ ᠬᠦᠷᠢᠶᠡᠯᠡᠩ ᠤᠨ ᠬᠦᠯᠡᠮᠵᠢ  ᠶᠢᠨ ᠳᠣᠤᠷ᠎ᠠ ᠠᠴᠠ ᠠᠮᠲᠠᠲᠤ ᠰᠠᠶᠢᠬᠠᠨ ᠦᠨᠦᠷ ᠬᠠᠩᠬᠤᠯᠵᠤ ᠪᠠᠶᠢᠯ᠎ᠠ᠃  ︽ᠮᠠᠨ ᠤ ᠭᠡᠷ ᠤᠨ ᠳ᠋ᠠᠨᠳᠦ᠋ᠩ ᠤᠨ ︿99﹀ ᠭᠦᠵᠡᠯᠵᠡᠭᠡᠨ᠎ᠡ ᠶᠢ ᠲᠡᠭᠦᠵᠦ ᠪᠣᠯᠤᠨ᠎ᠠ᠂ 6 ᠰᠠᠷ᠎ᠠ ᠶᠢᠨ ᠰᠡᠭᠦᠯᠴᠢ ᠪᠣᠯᠲᠠᠯ᠎ᠠ ᠲᠡᠭᠦᠵᠦ ᠪᠣᠯᠤᠨ᠎ᠠ᠂ ᠡᠳᠡᠭᠡᠷ ᠭᠦᠵᠡᠯᠵᠡᠭᠡᠨ᠎ᠡ ᠶᠢᠨ ᠪᠦᠬᠦ ᠭᠠᠷᠤᠯᠲᠠ ᠨᠢ 4000 ᠵᠢᠩ ᠳᠤ ᠬᠦᠷᠴᠦ ᠪᠠᠶᠢᠨ᠎ᠠ᠂ ᠡᠳᠡᠭᠡᠷ ᠭᠦᠵᠡᠯᠵᠡᠭᠡᠨ᠎ᠡ ᠶᠢᠨ ᠠᠮᠲᠠ ᠰᠢᠮᠲᠡ ᠨᠢ ᠵᠢᠯ ᠪᠦᠷᠢ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠶ ᠪᠠᠶᠢᠳᠠᠭ︾ ᠭᠡᠵᠦ ᠭᠦᠵᠡᠯᠵᠡᠭᠡᠨ᠎ᠡ ᠲᠡᠭᠦᠬᠦ ᠬᠦᠷᠢᠶᠡᠯᠡᠩ ᠤᠨ 6 ᠳ᠋ᠤᠭᠠᠷ ᠨᠣᠮᠧᠷᠲᠤ ᠬᠦᠯᠡᠮᠵᠢ ᠶᠢᠨ ᠬᠠᠷᠢᠭᠤᠴᠠᠯᠭᠠᠲᠠᠨ ᠶᠠᠩ ᠶᠠᠩ ᠲᠠᠨᠢᠯᠴᠠᠭᠤᠯᠪᠠ᠃    ᠣᠶᠢᠯᠠᠭᠠᠭᠰᠠᠨ ᠢᠶᠠᠷ᠂ ᠲᠣᠰ ᠪᠠᠯᠭᠠᠰᠤᠨ ᠤ ᠭᠦᠵᠡᠯᠵᠡᠭᠡᠨ᠎ᠡ ᠲᠡᠭᠦᠬᠦ ᠬᠦᠷᠢᠶᠡᠯᠡᠩ ᠳᠤ ᠨᠡᠶᠢᠲᠡ 12 ᠬᠦᠯᠡᠮᠵᠢ ᠲᠠᠢ᠂ ᠭᠦᠵᠡᠯᠵᠡᠭᠡᠨ᠎ᠡ ᠳᠠᠷᠢᠬᠤ ᠨᠢ ᠬᠤᠲᠠ ᠶᠢᠨ ᠠᠷᠠᠳ ᠤᠨ ︽ᠵᠢᠮᠢᠰ ᠤᠨ ᠫᠢᠯᠠ︾ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠲᠣᠰᠬᠤᠨ ᠤ ᠠᠷᠠᠳ ᠤᠨ ︽ᠵᠣᠭᠤᠰᠣᠨ ᠤᠭᠤᠲᠠ︾ ᠶᠢ ᠴᠤ ᠭᠦᠳᠦ᠋ᠢᠯᠭᠡᠭᠰᠡᠨ ᠪᠠᠶᠢᠨ᠎ᠠ᠃                                          ᠰᠤᠷᠪᠤᠯᠵᠢᠯᠠᠭᠴᠢ ᠰᠠᠴᠤᠷᠠᠯ ᠰᠡᠭᠦᠳᠡᠷᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号