ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2023/1/17
   1 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠭᠰᠠᠨ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠶᠠᠷᠢᠯᠴᠠᠵᠤ᠂ ᠵᠢᠱᠢᠭᠳᠡᠭᠰᠡᠳ ᠤᠨ ᠨᠡᠷᠡᠰ ᠢ ᠶᠠᠷᠢᠯᠴᠠᠨ᠂ ᠬᠤᠯᠪᠣᠭᠳᠠᠯ ᠪᠥᠬᠦᠶ ᠲᠤᠰᠬᠠᠶ ᠵᠥᠪᠯᠡᠯ ᠤᠨ ᠪᠦᠷᠢᠯᠳᠦᠬᠦᠨ ᠤ ᠲᠦᠰᠦᠯ ᠢ ᠬᠢᠨᠠᠨ ᠵᠦᠪᠯᠡᠪᠡ᠃    ᠯᠢ ᠶᠦᠩ ᠵᠢᠶᠦ᠋ᠨ ᠲᠥᠯᠥᠭᠡᠯᠡᠭᠴᠢ᠂ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠥᠯᠭᠢᠨ ᠠᠬᠢᠭᠤᠯᠬᠤ ᠬᠤᠷᠠᠯ ᠤᠨ ᠲᠠᠪᠤᠨ ᠵᠢᠯ ᠤᠨ ᠲᠤᠷᠰᠢ᠂ ᠪᠠᠶᠢᠴᠠᠭᠠᠬᠤ ᠪᠠᠶᠢᠭᠤᠯᠤᠯᠭ᠎ᠠ ᠶᠢᠨ ᠠᠵᠢᠯ ᠳᠤ ᠭᠤᠷᠪᠠᠨ ᠶᠡᠭᠡ ᠬᠤᠪᠢᠷᠠᠯᠲᠠ ᠭᠠᠷᠴᠠᠶ᠃ ᠨᠢᠭᠡ ᠳᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠠᠴᠠ ᠪᠣᠯᠤᠭᠰᠠᠨ ᠪᠠᠶᠢᠴᠠᠭᠠᠬᠤ ᠠᠵᠢᠯ ᠤᠨ ᠭᠤᠣᠯᠳᠠᠯᠭ᠎ᠠ ᠶᠢᠨ ᠬᠤᠪᠢᠷᠠᠯᠲᠠ᠃ ᠬᠤᠶᠠᠷ ᠲᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠠᠴᠠ ᠪᠣᠯᠤᠭᠰᠠᠨ ᠠᠵᠢᠯ ᠤᠨ ᠠᠷᠭ᠎ᠠ ᠮᠠᠶ᠋ᠢᠭ ᠤᠨ ᠬᠤᠪᠢᠷᠠᠯᠲᠠ ᠪᠣᠯᠤᠨ᠎ᠠ᠃ ᠭᠤᠷᠪᠠ ᠳᠤ ᠳᠣᠲᠣᠭᠠᠳᠤ ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠪᠣᠯᠤᠭᠰᠠᠨ ᠬᠦᠴᠦᠨ ᠤ ᠪᠠᠶᠢᠷᠢᠯᠠᠭᠤᠯᠤᠯᠲᠠ ᠶᠢᠨ ᠬᠤᠪᠢᠷᠠᠯᠲᠠ ᠪᠣᠯᠤᠨ᠎ᠠ᠃ ᠡᠨᠡ ᠲᠠᠪᠤᠨ ᠵᠢᠯ ᠪᠣᠯ ᠪᠠᠶᠢᠴᠠᠭᠠᠬᠤ ᠪᠠᠶᠢᠭᠤᠯᠭ᠎ᠠ ᠳᠤ ᠠᠪᠴᠤ ᠬᠡᠯᠡᠪᠡᠯ ᠶᠡᠷᠦ ᠪᠤᠰᠤ ᠶᠢᠨ ᠪᠥᠭᠡᠳ ᠬᠢᠯᠪᠡᠷ ᠪᠤᠰᠤ ᠲᠠᠪᠤᠨ ᠵᠢᠯ ᠮᠥᠨ᠂ ᠪᠠᠰᠠ ᠴᠤ ᠠᠵᠠ ᠲᠣᠬᠢᠶᠠᠯ ᠪᠠ ᠥᠷᠢᠰᠥᠯᠳᠦᠭᠡᠨ ᠢᠶᠠᠷ ᠳᠦᠭᠦᠷᠴᠦ᠂ ᠡᠯᠪᠡᠭ ᠳᠡᠯᠪᠡᠭ ᠦᠷ᠎ᠡ ᠪᠦᠲᠦᠭᠡᠯ ᠣᠯᠤᠭᠰᠠᠨ ᠲᠠᠪᠤᠨ ᠵᠢᠯ ᠮᠥᠨ᠂ ᠬᠤᠶᠢᠰᠢᠳᠠ ᠤᠯᠠᠨ ᠢᠶᠠᠷ ᠢᠶᠠᠨ ᠪᠠᠶᠢᠴᠠᠭᠠᠬᠤ ᠠᠵᠢᠯ ᠢ ᠦᠷᠭᠦᠯᠵᠢᠯᠡᠨ ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ᠂ ᠪᠢᠳᠡ ᠪᠠᠰᠠ ᠪᠣᠳᠠᠲᠤ ᠠᠵᠢᠯᠯᠠᠭ᠎ᠠ ᠪᠠᠷ ᠢᠶᠠᠨ ᠲᠥᠪ ᠭᠤᠣᠯᠴᠢ ᠪᠠ ᠰᠢᠳᠤᠷᠭᠤ ᠶᠣᠰᠣ ᠶᠢ ᠰᠠᠬᠢᠨ ᠬᠠᠮᠠᠭᠠᠯᠠᠬᠤ ᠠᠴᠠ ᠵᠠᠶᠢᠯᠠᠭᠤᠯᠵᠤ ᠪᠣᠯᠤᠰᠢ ᠦᠭᠡᠢ ᠵᠦᠢ ᠶᠣᠰᠣᠨ ᠤ ᠬᠡᠷᠡᠭ ᠶᠤᠮ᠃    ᠵᠠᠩ ᠰᠢᠶᠤᠤ ᠪᠢᠩ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠶᠢᠨ ᠠᠵᠢᠯ ᠤᠨ ᠮᠡᠳᠡᠭᠦᠯᠦᠯᠲᠡ ᠳᠤ᠂ ᠠᠮᠵᠢᠯᠲᠠ ᠪᠦᠲᠦᠮᠵᠢ ᠪᠠᠨ ᠪᠤᠰᠤᠳᠴᠢ ᠪᠥᠭᠡᠳ ᠪᠦᠬᠦ ᠲᠠᠯ᠎ᠠ ᠪᠠᠷ ᠳ᠋ᠦᠩᠨᠡᠵᠦ᠂ ᠠᠰᠠᠭᠤᠳᠠᠯ ᠢ ᠭᠦᠨᠵᠡᠭᠡᠢ ᠪᠥᠭᠡᠳ ᠨᠡᠪᠲᠡᠷᠬᠡᠢ ᠵᠠᠳᠠᠯᠵᠤ᠂ ᠠᠵᠢᠯ ᠢᠶᠠᠨ ᠪᠠᠶᠢᠷᠢᠯᠠᠭᠤᠯᠬᠤ ᠭᠤᠣᠯᠳᠠᠯᠭ᠎ᠠ ᠪᠠᠨ ᠲᠤᠪᠤᠶᠢᠯᠭᠠᠵᠦ᠂ ᠲᠤᠭ ᠢᠶᠠᠨ ᠥᠨᠳᠥᠷ ᠮᠠᠨᠳᠤᠭᠤᠯᠵᠤ᠂ ᠬᠠᠤᠯᠢᠵᠢᠯ ᠢ ᠢᠯᠡᠷᠡᠭᠦᠯᠦᠭᠰᠡᠨ ᠰᠠᠶᠢᠨ ᠮᠡᠳᠡᠭᠦᠯᠦᠯᠲᠡ ᠪᠣᠯᠤᠨ᠎ᠠ ᠭᠡᠵᠦ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠩᠭᠡᠷᠡᠭᠰᠡᠨ ᠲᠠᠪᠤᠨ ᠵᠢᠯ ᠤᠨ ︽ᠬᠤᠶᠠᠷ ᠬᠤᠷᠢᠶ᠎ᠠ︾ ᠶᠢᠨ ᠡᠯ᠎ᠡ ᠵᠦᠢᠯ ᠤᠨ ᠠᠵᠢᠯ ᠪᠠ ᠠᠮᠵᠢᠯᠲᠠ ᠪᠦᠲᠦᠮᠵᠢ ᠶᠢᠨ ᠬᠢᠯᠠᠰ ᠴᠡᠭ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ ᠪᠠᠷᠢᠮᠲᠠᠯᠠᠨ ᠵᠠᠳᠠᠯᠵᠤ᠂ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠣᠳᠣᠷᠬᠠᠶ ᠳᠤᠷᠠᠳᠤᠨ ᠭᠠᠷᠭᠠᠵᠠᠶ᠂ ᠡᠭᠦᠨ ᠳᠤ ᠤᠯᠤᠰ ᠲᠦᠷᠦ ᠶᠢᠨ ᠦᠨᠳᠦᠷᠴᠡ ᠪᠠᠶᠢᠬᠤ ᠮᠥᠷᠲᠡᠭᠡᠨ ᠪᠠᠰᠠ ᠬᠠᠤᠯᠢ ᠪᠠᠷᠢᠬᠤ ᠬᠠᠯᠠᠭᠤᠨ ᠳᠤᠯᠠᠭᠠᠨ ᠪᠠᠶᠢᠨ᠎ᠠ᠂ ᠡᠨᠡ ᠪᠣᠯ ᠠᠷᠠᠳ ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠰᠡᠨ᠂ ᠬᠠᠤᠯᠢ ᠪᠠᠷ ᠵᠠᠰᠠᠬᠤ ᠲᠥᠪ ᠭᠤᠣᠯᠴᠢ ᠰᠢᠳᠤᠷᠭᠤ ᠶᠣᠰᠣ ᠶᠢ ᠢᠯᠡᠷᠡᠭᠦᠯᠦᠭᠰᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠳᠦᠭᠦᠷᠡᠩ ᠮᠡᠳᠡᠭᠦᠯᠦᠯᠲᠡ ᠮᠥᠨ᠃ ᠳᠠᠷᠠᠭ᠎ᠠ ᠠᠯᠬᠤᠮ ᠳᠤ᠂ ᠪᠢᠳᠡ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ  ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ︽ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠲᠠᠪᠤᠨ ᠶᠡᠭᠡ ᠡᠭᠦᠷᠭᠡ ᠶᠢᠨ ᠦᠨᠡᠨᠴᠢ ᠰᠢᠳᠤᠷᠭᠤ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠠᠵᠢᠯ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠲᠡᠭᠦᠯᠳᠡᠷᠵᠢᠨ ᠬᠥᠭᠵᠢᠬᠦ ᠶᠢ ᠳᠥᠯᠭᠢᠨ ᠠᠬᠢᠭᠤᠯᠵᠤ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠪᠡ᠃    ᠰᠦᠬᠡ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠢᠯᠡᠷᠡᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠠᠵᠢᠯ ᠤᠨ ᠳ᠋ᠦᠩᠨᠡᠯᠲᠡ ᠨᠢ ᠪᠤᠰᠤᠳᠴᠢ ᠪᠥᠭᠡᠳ ᠪᠦᠬᠦ ᠲᠠᠯ᠎ᠠ ᠶᠢᠨ᠂ ᠭᠤᠣᠯᠳᠠᠯᠭ᠎ᠠ ᠶᠢ ᠲᠤᠪᠤᠶᠢᠯᠭᠠᠵᠦ᠂ ᠬᠤᠶᠢᠰᠢᠳᠠ ᠶᠢᠨ ᠠᠵᠢᠯ ᠤᠨ ᠲᠤᠬᠠᠢ ᠰᠠᠨᠠᠭᠤᠯᠭ᠎ᠠ ᠶᠢᠨ ᠵᠣᠭᠰᠣᠯᠲᠠ ᠥᠨᠳᠥᠷ᠂ ᠨᠠᠶᠢᠳᠠᠪᠤᠷᠢᠵᠢᠭᠤᠯᠤᠯᠲᠠ ᠨᠢ ᠪᠣᠳᠠᠲᠠᠢ ᠪᠠᠶᠢᠬᠤ ᠶᠢ ᠢᠯᠡᠷᠡᠭᠦᠯᠵᠦ᠂ ᠢᠲᠡᠭᠡᠯ ᠵᠣᠷᠢᠭ ᠢ ᠬᠥᠪᠴᠢᠯᠡᠵᠦ᠂ ᠬᠥᠮᠦᠰ ᠢ ᠵᠣᠷᠢᠭᠵᠢᠭᠤᠯᠤᠭᠰᠠᠨ ᠰᠠᠶᠢᠨ ᠢᠯᠡᠳᠬᠡᠯ ᠪᠣᠯᠬᠤ ᠶᠤᠮ᠃ ᠬᠢᠩᠭᠠᠨ ᠠᠶᠢᠮᠠᠭ ᠤᠨ ᠬᠢᠨ ᠢᠯᠡᠳᠬᠡᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠶᠢ ᠬᠦᠯᠢᠶᠡᠬᠦ ᠪᠠ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠠᠰᠤᠷᠠᠯᠲᠠ ᠦᠭᠡᠢ ᠶᠡᠭᠡ ᠬᠦᠴᠦ ᠣᠷᠣᠭᠤᠯᠵᠤ᠂ ᠭᠦᠢᠴᠡᠳ ᠬᠦᠴᠦ ᠣᠷᠣᠭᠤᠯᠤᠨ᠎ᠠ᠃ ᠬᠤᠶᠠᠷ ᠵᠥᠪᠯᠡᠯᠭᠡᠨ ᠤ ᠮᠡᠳᠡᠭᠦᠯᠦᠯᠲᠡ ᠨᠢ ᠪᠦᠬᠦ ᠲᠠᠯ᠎ᠠ ᠪᠠᠷ ᠪᠤᠰᠤᠳᠴᠢ᠂ ᠪᠣᠳᠠᠲᠠᠢ ᠶᠢ ᠡᠷᠬᠢᠮᠯᠡᠨ ᠴᠢᠩᠭ᠎ᠠ ᠨᠢᠮᠪᠠᠢ ᠪᠠᠶᠢᠵᠤ᠂ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠪᠣᠯᠤᠨ ᠠᠷᠠᠳ ᠲᠦᠮᠡᠨ ᠤ ᠪᠣᠷᠣᠭᠵᠢᠭᠤᠨ ᠦᠨᠡᠨᠴᠢ ᠬᠠᠶᠢᠷ᠎ᠠ ᠰᠡᠳᠬᠢᠯᠭᠡ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ︽ᠶᠡᠭᠡ ᠲᠠᠯ᠎ᠠ ᠳᠤ ᠦᠢᠯᠡᠴᠢᠯᠡᠵᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ︾ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠵᠣᠭᠰᠣᠴᠠ ᠥᠨᠳᠥᠷ᠂ ᠠᠭᠤᠯᠤᠭᠳᠠᠬᠤᠨ ᠭᠦᠨ ᠬᠤᠶᠠᠷ ᠰᠠᠶᠢᠨ ᠮᠡᠳᠡᠭᠦᠯᠦᠯᠲᠡ ᠪᠣᠯᠤᠨ᠎ᠠ ᠃ 2023 ᠣᠨ ᠳᠤ᠂ ᠬᠢᠩᠭᠠᠨ ᠠᠶᠢᠮᠠᠭ ᠤᠨ ᠬᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠢ᠂ ᠠᠵᠤ ᠠᠬᠤᠢ᠂ ᠠᠷᠠᠳ ᠤᠨ ᠠᠮᠢᠳᠤᠷᠠᠯ᠂ ᠦᠨᠳᠦᠰᠦᠲᠡᠨ ᠤ ᠠᠵᠢᠯ ᠵᠡᠷᠭᠡ ᠬᠦᠷᠢᠶᠡᠨ ᠳᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠯᠤᠭ᠎ᠠ ᠶᠢᠨ ᠤᠯᠤᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠦᠷᠭᠦᠯᠵᠢᠯᠡᠨ ᠥᠨᠳᠥᠷ ᠳᠠᠷᠤᠯᠲᠠ ᠦᠵᠡᠭᠦᠯᠬᠦ ᠪᠠᠶᠢᠳᠠᠯ ᠢᠶᠠᠷ ᠴᠣᠬᠢᠯᠲᠠ ᠥᠭᠴᠦ᠂ ᠬᠠᠤᠯᠢᠵᠢᠯ ᠤᠨ ᠲᠣᠣᠷ ᠢ ᠨᠢᠭᠲᠠ ᠰᠦᠯᠵᠢᠵᠦ᠂ ᠪᠦᠬᠦ ᠠᠶᠢᠮᠠᠭ ᠤᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠴᠢᠩᠭ᠎ᠠ ᠬᠦᠴᠦᠲᠡᠢ ᠬᠠᠤᠯᠢᠵᠢᠯ ᠢᠶᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ ᠪᠠᠶᠢᠨ᠎ᠠ ᠭᠡᠪᠡ᠃    ᠰᠢᠤᠢ ᠵᠦᠸᠧ ᠲᠥᠯᠥᠭᠡᠯᠡᠭᠴᠢ᠂ ᠬᠤᠶᠠᠷ ᠬᠦᠷᠢᠶᠡᠯᠡᠩ ᠤᠨ ᠠᠵᠢᠯ ᠤᠨ ᠢᠯᠡᠳᠬᠡᠯ ᠤᠨ ᠤᠯᠤᠰ ᠲᠦᠷᠦ ᠶᠢᠨ ᠵᠣᠭᠰᠣᠯᠲᠠ ᠥᠨᠳᠥᠷ᠂ ᠪᠤᠰᠤᠳᠴᠢ ᠪᠥᠭᠡᠳ ᠪᠦᠬᠦ ᠲᠠᠯ᠎ᠠ ᠶᠢᠨ᠂ ᠦᠨᠡᠨ ᠠᠴᠠ ᠵᠥᠪ ᠢ ᠡᠷᠢᠵᠦ᠂ ᠠᠵᠢᠯ ᠢᠶᠠᠨ ᠪᠠᠶᠢᠷᠢᠯᠠᠭᠤᠯᠬᠤ ᠰᠡᠳᠬᠢᠴᠡ ᠲᠣᠳᠣᠷᠬᠠᠢ᠂ ᠬᠠᠷᠠᠯᠲᠠ ᠲᠣᠳᠣᠷᠬᠠᠢ᠂ ᠦᠨᠡᠨᠬᠦ ᠶᠠᠪᠤᠭᠤᠷᠢᠲᠠᠢ ᠪᠠᠶᠢᠵᠤ᠂ ᠡᠨᠡ ᠬᠤᠶᠠᠷ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠦ ᠬᠡᠯᠡᠪᠡ᠃ ᠥᠩᠭᠡᠷᠡᠭᠰᠡᠨ ᠲᠠᠪᠤᠨ ᠵᠢᠯ ᠳᠤ᠂ ︽ᠬᠤᠶᠠᠷ ᠬᠤᠷᠢᠶ᠎ᠠ︾ ᠨᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠲᠥᠪ ᠭᠤᠤᠯᠴᠢ ᠪᠠᠷ ᠬᠠᠤᠯᠢ ᠪᠠᠷᠢᠵᠤ᠂ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠨ᠂ ᠰᠢᠭᠦᠨ ᠲᠠᠰᠤᠯᠬᠤ᠂ ᠪᠠᠶᠢᠴᠠᠭᠠᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ  ᠭᠦᠢᠴᠡᠳᠭᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ ᠠᠷᠠᠳ ᠤᠨ ᠲᠥᠯᠥᠭᠡ ᠬᠠᠤᠯᠢ ᠪᠠᠷᠢᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠲᠠᠯ᠎ᠠ ᠪᠠᠷ ᠴᠥᠮ ᠭᠠᠷᠮᠠᠭᠠᠶ ᠦᠷ᠎ᠡ ᠪᠦᠲᠦᠮᠵᠢ ᠣᠯᠤᠭᠰᠠᠨ ᠪᠠᠶᠢᠨ᠎ᠠ ᠭᠡᠪᠡ᠃    ᠸᠧᠨ ᠶᠠᠨ ᠯᠢᠨ  ᠲᠥᠯᠥᠭᠡᠯᠡᠭᠴᠢ  ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠳᠤ ᠴᠥᠮ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠭᠡᠳ ᠣᠯᠤᠭᠰᠠᠨ ᠲᠣᠪᠤᠶᠢᠮ᠎ᠠ ᠠᠮᠵᠢᠯᠲᠠ ᠪᠦᠲᠦᠮᠵᠢ ᠶᠢ ᠲᠤᠰᠬᠠᠭᠰᠠᠨ ᠪᠠᠶᠢᠨ᠎ᠠ᠃ ᠣᠶ ᠰᠢᠭᠤᠶ ᠨᠤᠳᠤᠭ ᠪᠡᠯᠴᠢᠭᠡᠷ ᠤᠨ ᠰᠢᠰᠲ᠋ᠧᠮ ᠤᠨ ᠠᠵᠢᠯᠲᠠᠨ ᠪᠣᠯᠤᠭᠰᠠᠨ ᠤ ᠬᠤᠪᠢ ᠳᠤ᠂ ᠲᠠᠷᠠᠭᠠᠴᠢ ᠶᠢᠨ ᠠᠯᠬᠤᠮ ᠳᠤ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠵᠢᠵᠢᠭ ᠡᠯᠡᠰᠦᠨ ᠵᠢᠮᠢᠰ᠂ ᠲᠣᠮᠣ ᠠᠵᠤ ᠦᠢᠯᠡᠰ︾ ᠤᠨ ᠬᠥᠭᠵᠢᠯᠲᠡ ᠶᠢᠨ ᠰᠡᠳᠬᠢᠮᠵᠢ ᠶᠢᠨ ᠲᠣᠭᠤᠷᠢᠨ ᠳᠤ᠂ ᠣᠷᠭᠠᠨᠢᠭ ᠢᠰᠬᠡᠭᠦᠷ ᠵᠢᠴᠢ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠦᠢᠳᠡᠨ ᠬᠡᠯᠬᠢᠶᠡᠲᠦ  ᠬᠦᠢᠳᠡᠨ ᠬᠥᠮᠥᠷᠭᠡ᠂ ᠣᠶᠤᠨᠴᠢ ᠬᠢᠨᠠᠨ ᠡᠵᠡᠮᠰᠢᠯ ᠵᠡᠷᠭᠡ ᠢᠵᠢ ᠪᠥᠷᠢᠳᠦᠭᠰᠡᠨ ᠲᠥᠬᠦᠭᠡᠷᠦᠮᠵᠢ ᠶᠢ ᠪᠥᠲᠥᠭᠡᠨ ᠪᠠᠶᠢᠭᠤᠯᠵᠤ᠂ ᠲᠣᠭᠤᠷᠢᠨ ᠦᠵᠡᠬᠦ ᠵᠢᠭᠤᠯᠴᠢᠯᠠᠯ᠂ ᠵᠢᠮᠢᠰ ᠤᠨ ᠰᠠᠭᠤᠷᠢᠨ ᠭᠠᠵᠠᠷ ᠢ ᠪᠤᠶᠢᠵᠢᠭᠤᠯᠬᠤ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂  ᠦᠢᠯᠡᠳᠪᠦᠷᠢᠯᠡᠵᠦ ᠡᠳ᠋ᠰᠢᠭᠦᠯᠬᠦ᠂ ᠠᠮᠢ ᠠᠬᠤᠶ ᠶᠢᠨ ᠬᠠᠮᠠᠭᠠᠯᠠᠯᠲᠠ ᠶᠢ ᠨᠢᠭᠡ ᠴᠤᠭᠴᠠᠵᠢᠭᠤᠯᠤᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ︔ ᠡᠪᠡᠰᠦ ᠪᠣᠷᠳᠤᠭ᠎ᠠ ᠶᠢᠨ  ᠦᠢᠯᠡᠰ ᠢ ᠶᠡᠬᠡᠪᠡᠷ ᠬᠥᠭᠵᠢᠭᠦᠯᠵᠦ᠂ ᠴᠢᠨᠠᠷ ᠰᠠᠶᠢᠲᠠᠶ ᠡᠪᠡᠰᠦ ᠪᠣᠷᠳᠤᠭ᠎ᠠ ᠶᠢᠨ ᠳᠠᠷᠢᠬᠤ ᠬᠡᠪᠴᠢᠶ᠎ᠡ ᠶᠢ ᠲᠣᠭᠲᠠᠪᠤᠷᠢᠵᠢᠭᠤᠯᠤᠨ᠂ ᠬᠤᠨᠢ ᠡᠪᠡᠰᠦᠨ ᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ︔ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠤᠮᠠᠷᠠᠲᠤ ᠬᠢᠯᠢ ᠶᠢᠨ ᠠᠮᠢ ᠠᠬᠤᠶ ᠶᠢᠨ ᠬᠠᠯᠬᠠᠪᠴᠢ ᠶᠢ ᠰᠠᠬᠢᠨ ᠬᠠᠮᠠᠭᠠᠯᠠᠨ᠎ᠠ  ᠭᠡᠪᠡ᠃    ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ᠂ ᠰᠢᠭᠦᠬᠦ ᠬᠤᠷᠢᠶ᠎ᠠ ᠪᠠᠶᠢᠴᠠᠭᠠᠬᠤ  ᠬᠤᠷᠢᠶᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠵᠡᠷᠭᠡ ᠲᠠᠯ᠎ᠠ ᠪᠠᠷ ᠰᠠᠨᠠᠯ ᠪᠠ ᠰᠠᠨᠠᠭᠤᠯᠭ᠎ᠠ ᠳᠤᠷᠠᠳᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号