ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/18
   1 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠤᠨ᠎ᠠ ᠪᠣᠬᠢᠷᠳᠤᠯ ᠦᠭᠡᠢ ᠪᠤᠷᠴᠠᠭ ᠵᠢᠮᠢᠰ ᠤᠨ ᠲᠥᠷᠥᠯ ᠤᠨ ᠬᠢᠵᠠᠭᠠᠷᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠭᠤ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠤᠪᠢᠷᠠᠭᠤᠯᠤᠯᠲᠠ ᠶᠢ ᠰᠤᠳᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠳᠬᠦᠨ ᠪᠡᠯᠡ ᠣᠷᠣᠭᠤᠯᠬᠤ ᠺᠣᠮᠫᠠᠨᠢ ᠶᠢᠨ ᠬᠤᠪᠢᠶᠠᠷᠢ ᠺᠣᠮᠫᠠᠨᠢ ᠶᠢ ᠰᠤᠳᠤᠯᠤᠨ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠣᠰᠬᠤᠨ ᠤ ᠲᠠᠰ ᠤᠨ ᠬᠡᠷᠡᠯ ᠴᠡᠨᠡᠭ ᠤᠨ ᠬᠠᠪᠰᠤᠷᠤᠨ ᠲᠡᠳᠬᠦᠬᠦ ᠴᠠᠬᠢᠯᠭᠠᠨ ᠥᠷᠲᠡᠭᠡᠨ ᠤ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠶᠠᠪᠤᠳᠠᠯ ᠢ ᠰᠤᠳᠤᠯᠵᠠᠢ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠦᠵᠡᠯ ᠰᠠᠨᠠᠭ᠎ᠠ ᠪᠠᠨ ᠨᠢᠭᠡᠳᠬᠡᠵᠦ᠂ ᠪᠥᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠤᠨ ᠬᠤᠪᠢᠶᠠᠷᠢᠯᠠᠨ ᠰᠢᠯᠵᠢᠭᠦᠯᠬᠦ ᠠᠯᠬᠤᠴᠠ ᠶᠢ ᠲᠦᠯᠬᠢᠨ ᠠᠬᠢᠭᠤᠯᠵᠤ᠂ ᠬᠤᠪᠢᠶᠠᠷᠢᠯᠠᠨ ᠰᠢᠯᠵᠢᠭᠦᠯᠬᠦ ᠰᠢᠯᠵᠢᠯᠲᠡ ᠶᠢᠨ ᠬᠤᠭᠤᠴᠠᠭᠠᠨ ᠳᠤ ᠬᠤᠪᠢᠶᠠᠷᠢᠯᠠᠨ ᠰᠢᠯᠵᠢᠭᠦᠯᠬᠦ ᠬᠤᠶᠠᠷ ᠲᠠᠯ᠎ᠠ ᠪᠠᠷ ᠢᠶᠠᠨ ᠨᠢᠭᠲᠠ ᠬᠠᠮᠵᠢᠯᠴᠠᠨ᠂ ᠬᠠᠮᠢᠶ᠎ᠠ ᠪᠦᠬᠦᠢ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠲᠣᠰ ᠤᠳᠠᠭᠠᠨ ᠤ ᠬᠤᠪᠢᠶᠠᠷᠢᠯᠠᠨ ᠰᠢᠯᠵᠢᠭᠦᠯᠦᠭᠰᠡᠨ ᠡᠯ᠎ᠡ ᠤᠴᠢᠷ ᠶᠠᠪᠤᠳᠠᠯ ᠢ ᠪᠡᠶᠡᠯᠡᠭᠦᠯᠬᠦ ᠴᠠᠭ᠂ ᠪᠣᠳᠠᠲᠠᠢ ᠬᠠᠷᠢᠭᠤᠴᠠᠯᠭᠠᠲᠠᠨ ᠵᠡᠷᠭᠡ ᠳᠤ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠬᠤᠪᠢᠶᠠᠷᠢᠯᠠᠨ ᠰᠢᠯᠵᠢᠭᠦᠯᠬᠦ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠷᠠᠯ ᠠᠴᠠ᠂ ᠲᠣᠰᠬᠤᠨ ᠤ ᠳᠡᠰ ᠤᠨ ᠭᠡᠷᠡᠯ ᠴᠡᠨᠡᠭ ᠤᠨ ᠬᠠᠪᠰᠤᠷᠤᠨ ᠲᠡᠳᠬᠦᠬᠦ ᠴᠠᠬᠢᠯᠭᠠᠨ ᠦᠷᠳᠡᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠠᠵᠢᠯ ᠪᠣᠯ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠣᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠬᠤ᠂ ᠤᠯᠠᠨ ᠲᠦᠮᠡᠨ ᠤ ᠠᠰᠢᠭ ᠣᠷᠣᠯᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠢ ᠣᠶᠢᠯᠠᠭᠠᠨ᠂ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠰᠬᠤᠨ ᠳᠤ ᠬᠤᠪᠢᠶᠠᠨ᠂ ᠠᠷᠠᠳ ᠤᠨ ᠳᠡᠭᠡᠷ᠎ᠡ ᠬᠡᠷᠡᠭᠯᠡᠵᠦ᠂ ᠴᠠᠬᠢᠯᠭᠠᠨ ᠥᠷᠲᠡᠭᠡᠨ ᠤ ᠠᠰᠢᠭ ᠣᠷᠣᠯᠭ᠎ᠠ ᠶᠢ ᠬᠦᠴᠢᠷᠳᠡᠯᠲᠡᠢ ᠣᠯᠠᠨ ᠲᠦᠮᠡᠨ ᠤ ᠳᠤᠮᠳᠠ ᠦᠨᠡᠨᠬᠦ ᠬᠤᠪᠢᠶᠠᠷᠢᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠮᠢᠶᠠᠷᠤᠯᠲᠠ ᠶᠢᠨ ᠡᠷᠴᠢᠮ ᠢᠶᠠᠨ ᠪᠥᠬᠦ ᠲᠠᠯ᠎ᠠ ᠪᠠᠷ ᠴᠢᠩᠭᠠᠷᠠᠭᠤᠯᠵᠤ ᠂ ᠡᠯ᠎ᠡ ᠵᠦᠢᠯ ᠤᠨ ᠪᠡᠯᠡ ᠮᠥᠩᠭᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠬᠤᠰᠢᠭᠤᠨ ᠤ ᠤᠳᠤᠷᠢᠳᠤᠯᠭ᠎ᠠ ᠸᠠᠩ ᠢ ᠪᠢᠩ᠂ ᠰᠥᠩ ᠵᠢᠶᠧ ᠨᠠᠷ ᠬᠤᠷᠠᠯ ᠳᠤ ᠣᠷᠣᠯᠴᠠᠵᠠᠢ᠃    
 
ᠢᠷᠡᠯᠲᠡ᠄ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号