ᠳᠠᠭᠤᠯᠠᠨ ᠪᠥᠵᠢᠭᠯᠡᠵᠦ ᠴᠠᠭᠠᠨ ᠰᠠᠷ᠎ᠠ ᠪᠠᠨ ᠤᠭᠲᠤᠨ᠎ᠠ
ᠨᠡᠶᠢᠲᠡᠯᠡᠭᠰᠡᠨ ᠴᠠᠭ᠄
2023/1/18
   ᠣᠶᠢᠷ᠎ᠠ ᠳᠤ᠂ ᠬᠢᠩᠭᠠᠨ ᠠᠶᠢᠮᠠᠭ ᠤᠨ ᠤᠯᠠᠭᠠᠨᠮᠥ᠋ᠴᠢᠷ ᠠᠴᠠ ᠬᠢᠩᠭᠠᠨ ᠢᠯᠴᠢ ᠶᠢᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠨ ︽ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ ᠰᠢᠨ᠎ᠡ ᠠᠶᠠᠨ ᠳᠠᠰᠢ ᠤᠷᠤᠭᠰᠢᠯᠠᠶ᠎ᠠ︾ ᠭᠡᠬᠦ ᠰᠢᠨ᠎ᠡ ᠵᠢᠯ ᠤᠨ ᠪᠠᠶᠠᠷ ᠤᠨ ᠦᠳᠡᠰᠢᠯᠡᠭᠡ ᠡᠷᠭᠢᠯᠡᠪᠡ᠃ ᠦᠳᠡᠰᠢᠯᠡᠭᠡ ᠨᠢ ᠡᠬᠢᠯᠡᠯᠲᠡ ᠶᠢᠨ ᠪᠥᠵᠢᠭ ︽ᠪᠠᠳᠠᠷᠠᠯᠲᠤ ᠴᠠᠭ ᠦᠶ᠎ᠡ ᠶᠢᠨ ᠪᠠᠶᠠᠷᠲᠤ ᠳᠠᠭᠤᠤ︾ ᠶᠢᠨ ᠳᠤᠮᠳᠠ ᠬᠥᠰᠢᠭᠡ ᠪᠠᠨ ᠰᠡᠬᠦᠵᠦ᠂ ᠬᠥᠭᠵᠢᠮ ᠤᠨ ᠠᠶ᠎ᠠ ︽ᠠᠳᠤᠭᠤᠴᠢᠨ ᠤ ᠬᠡᠶᠢᠷᠬᠡᠯ ᠤᠨ ᠠᠶᠠᠰ︾ ᠤᠨ ᠬᠦᠭ ᠠᠶᠠᠰ ᠣᠷᠭᠢᠯᠤᠮ᠎ᠠ ᠬᠥᠭᠵᠢᠭᠦᠨ ᠪᠠᠶᠢᠵᠤ᠂ ᠬᠥᠮᠦᠰ ᠤᠨ ᠰᠡᠳᠬᠢᠯ ᠢ ᠬᠥᠭᠵᠢᠭᠡᠨ᠂ ᠳᠠᠭᠤᠤ ᠪᠥᠵᠢᠭ ︽ᠤᠯᠠᠭᠠᠨᠮᠥ᠋ᠴᠢᠷ︾᠂ ᠳᠠᠭᠤᠤ ︽ᠠᠶᠠᠯᠠᠯ ᠤᠨ ᠵᠠᠮᠴᠢᠯᠠᠭᠰᠠᠨ︾ ᠵᠡᠷᠭᠡ ᠲᠣᠭᠯᠠᠯᠲᠠ ᠶᠢ ᠭᠤᠶᠢᠳᠠ ᠰᠠᠶᠢᠬᠠᠨ ᠲᠣᠭᠯᠠᠪᠠ᠃ ᠬᠢᠩᠭᠠᠨ ᠤ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠠᠵᠢᠯᠲᠠᠳ ᠴᠤ ︽ᠡᠨᠧᠷᠭᠢ ᠶᠢᠨ ᠵᠠᠯᠠᠭᠤᠴᠤᠳ ᠨᠡᠷᠡᠨ ᠵᠦᠭ ᠮᠠᠨᠳᠤᠯ᠎ᠠ︾ ᠭᠡᠬᠦ ᠰᠢᠯᠦᠭ ᠤᠶᠠᠩᠭᠠᠯᠠᠨ ᠤᠩᠰᠢᠬᠤ ᠪᠠ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠭᠡᠬᠦ ᠵᠡᠷᠭᠡ ᠲᠥᠯᠥᠭᠡᠯᠡᠬᠦ ᠴᠢᠨᠠᠷᠲᠠᠶ ᠲᠣᠭᠯᠠᠯᠲᠠ ᠶᠢ ᠠᠪᠴᠢᠷᠠᠨ᠂ ᠴᠠᠭᠠᠨ ᠰᠠᠷ᠎ᠠ ᠶᠢᠨ ᠬᠦᠷᠴᠦ ᠢᠷᠡᠬᠦ ᠳᠤ ᠪᠠᠶᠠᠷ ᠬᠥᠷ ᠲᠠᠢ᠂ ᠥᠯᠵᠡᠶ ᠪᠡᠯᠭᠡ ᠲᠠᠢ᠂ ᠬᠠᠯᠠᠭᠤᠨ ᠳᠤᠯᠠᠭᠠᠨ᠂ ᠪᠦᠯᠬᠦᠮᠳᠡᠯ ᠲᠠᠢ᠂ ᠡᠷᠡᠯᠬᠡᠭᠯᠡᠨ ᠤᠷᠤᠭᠰᠢᠯᠠᠬᠤ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号