ᠬᠢᠩᠭᠠᠨ ᠠᠶᠢᠮᠠᠭ ᠲᠤ 3 ᠲᠦᠮᠡᠨ ᠬᠥᠮᠦᠨ ᠤ ᠬᠤᠪᠢ ᠰᠢᠨ᠎ᠡ ᠲᠢᠳᠢᠮᠯᠢᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠤᠨ ᠬᠠᠶᠢᠷᠴᠠᠭ ᠬᠠᠨᠳᠢᠪᠯᠠᠪᠠ
ᠨᠡᠶᠢᠲᠡᠯᠡᠭᠰᠡᠨ ᠴᠠᠭ᠄
2023/1/18
      1 ᠰᠠᠷ᠎ᠠ ᠶᠢᠨ 12 ᠤᠨ ᠡᠳᠦᠷ᠂ ᠬᠢᠩᠭᠠᠨ ᠠᠶᠢᠮᠠᠭ ᠤᠨ  ᠠᠰᠠᠷᠠᠮᠵᠢ ᠶᠢᠨ ᠶᠡᠷᠦᠩᠬᠡᠶ ᠡᠪᠯᠡᠯ ᠤᠨ ᠠᠷᠪᠠᠨ ᠶᠡᠭᠡ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢᠨ ᠰᠢᠷᠢᠰ ᠠᠵᠢᠯᠯᠠᠭ᠎ᠠ ᠶᠢᠨ ᠬᠠᠨᠳᠢᠪ ᠤᠨ ᠠᠵᠢᠯᠯᠠᠭ᠎ᠠ ᠬᠢᠩᠭᠠᠨ ᠠᠶᠢᠮᠠᠭ ᠤᠨ ᠶᠡᠷᠦᠩᠬᠡᠶᠢᠯᠡᠭᠰᠡᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠲᠤ ᠶᠠᠪᠤᠭᠳᠠᠪᠠ᠃ ᠳᠤᠮᠳᠠᠳᠤ ᠶᠢᠨ  ᠠᠰᠠᠷᠠᠮᠵᠢ ᠶᠢᠨ ᠶᠡᠷᠦᠩᠬᠡᠶ ᠡᠪᠯᠡᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠠᠰᠠᠷᠠᠮᠵᠢ ᠶᠢᠨ ᠶᠡᠷᠦᠩᠬᠡᠶ ᠡᠪᠯᠡᠯ᠂ ᠱᠠᠩᠬᠠᠶ ᠶᠢᠨ ᡁᠢ ᠵᠢᠶᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ  ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤᠨ ᠳᠤ ᠨᠡᠶᠢᠲᠡ 3 ᠲᠦᠮᠡᠨ ᠬᠥᠮᠦᠨ ᠤ ᠬᠤᠪᠢ ᠶᠢᠨ ᠰᠢᠨ᠎ᠡ ᠲᠢᠳᠢᠮᠯᠢᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠬᠠᠶᠢᠷᠴᠠᠭ 39 ᠬᠠᠶᠢᠷᠴᠠᠭ ᠬᠠᠨᠳᠢᠪᠯᠠᠵᠤ᠂ ᠬᠠᠨᠳᠤᠯᠭ᠎ᠠ ᠲᠠᠢ ᠪᠠᠷ ᠡᠮᠴᠢᠯᠡᠭᠡᠨ ᠤ ᠪᠠᠶᠢᠭᠤᠯᠤᠮᠵᠢ ᠪᠠ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠬᠡᠷᠡᠭᠯᠡᠨ᠎ᠡ᠃    ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠬᠤ ᠶᠢ ᠳᠠᠭᠠᠯᠳᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠢᠨ᠎ᠡ ᠲᠢᠳᠢᠮᠯᠢᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠤᠨ ᠬᠠᠶᠢᠷᠴᠠᠭ ᠤᠨ ᠬᠡᠷᠡᠭᠴᠡᠭᠡ ᠶᠡᠭᠡ ᠪᠠᠷ ᠨᠡᠮᠡᠭᠳᠡᠵᠦ᠂ ᠢᠯᠠᠩᠭᠤᠶ᠎ᠠ ᠡᠯ᠎ᠡ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠪᠠ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠠᠪᠴᠤ ᠬᠡᠯᠡᠪᠡᠯ᠂ ᠨᠠᠩ ᠴᠤ ᠬᠠᠩᠭᠠᠯᠭ᠎ᠠ ᠬᠦᠷᠦᠯᠴᠡᠬᠦ ᠥᠬᠡᠶ ᠪᠠᠶᠢᠨ᠎ᠠ᠃ ᠬᠢᠩᠭᠠᠨ ᠠᠶᠢᠮᠠᠭ ᠤᠨ ᠡᠮᠴᠢᠯᠡᠭᠡᠨ ᠤ ᠪᠠᠶᠢᠭᠤᠯᠤᠮᠵᠢ ᠪᠣᠯᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠬᠠᠪᠰᠤᠷᠤᠨ ᠰᠢᠨ᠎ᠡ  ᠲᠢᠳᠢᠮᠯᠢᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠤᠨ ᠬᠠᠶᠢᠷᠴᠠᠭ ᠳᠤᠲᠠᠭᠳᠠᠵᠤ ᠪᠠᠶᠢᠭ᠎ᠠ ᠠᠰᠠᠭᠤᠳᠠᠯ ᠢ  ᠰᠢᠢᠳᠪᠦᠷᠢᠯᠡᠬᠦ ᠶᠢᠨ ᠲᠥᠯᠥᠭᠡ᠂ ᠬᠢᠩᠭᠠᠨ ᠠᠶᠢᠮᠠᠭ ᠤᠨ ᠠᠰᠠᠷᠠᠮᠵᠢ ᠶᠢᠨ ᠶᠡᠷᠦᠩᠬᠡᠶ ᠡᠪᠯᠡᠯ ᠢᠳᠡᠪᠬᠢᠲᠡᠶ ᠬᠥᠳᠡᠯᠦᠯᠴᠡᠵᠦ᠂ ᠣᠯᠠᠨ ᠲᠠᠯ᠎ᠠ ᠪᠠᠷ ᠵᠣᠬᠢᠴᠠᠭᠤᠯᠤᠨ ᠨᠡᠪᠲᠡᠷᠡᠯᠴᠡᠵᠦ᠂ ᠲᠣᠰ ᠪᠦᠯᠦᠭ ᠰᠢᠨ᠎ᠡ ᠲᠢᠳᠢᠮᠯᠢᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠤᠨ ᠬᠠᠶᠢᠷᠴᠠᠭ ᠢ ᠣᠯᠤᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠲᠣᠰ ᠪᠦᠯᠦᠭ ᠰᠢᠨ᠎ᠡ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠬᠠᠶᠢᠷᠴᠠᠭ ᠳᠣᠲᠣᠷ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ 3 ᠬᠤᠰᠢᠭᠤ ᠰᠢᠶᠠᠨ ᠲᠣᠰ ᠲᠣᠰ 1 ᠲᠦᠮᠡᠨ ᠬᠥᠮᠦᠨ ᠤ ᠬᠤᠪᠢ ᠬᠠᠨᠳᠢᠪᠯᠠᠵᠤ᠂ ᠡᠭᠦᠨ ᠳᠤ 5000 ᠬᠤᠪᠢ ᠶᠢ ᠨᠢ ᠡᠮᠴᠢᠯᠡᠭᠡᠨ ᠤ ᠪᠠᠶᠢᠭᠤᠯᠤᠮᠵᠢ ᠳᠤ ᠬᠡᠷᠡᠭᠯᠡᠵᠦ ᠂ 5000 ᠬᠤᠪᠢ ᠶᠢ ᠨᠢ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠬᠡᠷᠡᠭᠯᠡᠨ᠎ᠡ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号