ᠤᠯᠠᠭᠠᠨᠬᠤᠲᠠ ᠶᠢᠨ ᠱᠧᠩᠯᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠱᠦ ᠭᠤᠸᠠᠩ ᠨᠡᠶᠢᠭᠡᠮ ᠲᠣᠭᠤᠷᠢᠭ ︽ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠪᠠᠶᠠᠷ ᠬᠥᠷ ᠲᠠᠢ ᠬᠥᠷᠰᠢ ᠵᠡᠷᠭᠡᠯᠡᠳᠡᠭᠡ ᠶᠢᠨ ᠣᠨ︾ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/18
    ᠣᠶᠢᠷ᠎ᠠ ᠳᠤ᠂ ᠤᠯᠠᠭᠠᠨᠬᠤᠲᠠ ᠶᠢᠨ ᠱᠧᠩᠯᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠱᠦ ᠭᠤᠸᠠᠩ ᠨᠡᠶᠢᠭᠡᠮ ᠲᠣᠭᠤᠷᠢᠭ ︽ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠪᠠᠶᠠᠷ ᠬᠥᠷ ᠲᠠᠢ ᠬᠥᠷᠰᠢ ᠵᠡᠷᠭᠡᠯᠡᠳᠡᠭᠡ ᠶᠢᠨ ᠣᠨ︾ ᠤ ᠠᠵᠢᠯᠯᠠᠭ᠎ᠠ ᠥᠷᠨᠢᠭᠦᠯᠪᠡ᠃    ᠤᠯᠠᠭᠠᠨᠬᠤᠲᠠ ᠶᠢᠨ ᠱᠧᠩᠯᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠱᠦ ᠭᠤᠸᠠᠩ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠠᠵᠢᠯᠲᠠᠳ ᠱᠧᠩᠯᠢ ᠵᠡᠭᠡᠯᠢ ᠶᠢᠨ ᠬᠦᠷᠳᠦᠲᠦ ᠰᠠᠨᠳᠠᠯᠢ ᠲᠠᠢ ᠬᠥᠮᠥᠰ ᠢ ᠬᠠᠪᠰᠤᠷᠤᠯᠴᠠᠬᠤ ᠨᠡᠶᠢᠭᠡᠮᠯᠢᠭ ᠤᠨ ᠭᠡᠰᠢᠭᠦᠳ ᠲᠠᠢ ᠬᠠᠮᠲᠤ ᠴᠤᠭᠯᠠᠷᠠᠵᠤ᠂ ᠪᠠᠩᠰᠢ ᠪᠠᠷᠢᠵᠤ᠂ ᠴᠣᠩᠬᠤᠨ ᠬᠤᠸᠠᠷ ᠬᠠᠶᠢᠴᠢᠯᠠᠬᠤ᠂ ᠤᠯᠠᠨ ᠢᠶᠠᠷ ᠢᠶᠠᠨ ᠭᠡᠷ ᠤᠨ ᠵᠣᠭᠤᠭ ᠳᠡᠯᠭᠡᠵᠦ᠂ ᠰᠡᠳᠭᠢᠯ ᠤᠨ ᠦᠭᠡ ᠪᠠᠨ ᠬᠠᠷᠢᠯᠴᠠᠵᠤ ᠪᠠᠶᠢᠳᠠᠯ᠎ᠠ᠂ ᠤᠳᠠᠯ ᠦᠭᠡᠢ ᠰᠢᠷᠡᠭᠡᠨ ᠳᠡᠭᠡᠷ᠎ᠡ ᠪᠠᠩᠰᠢ ᠳᠦᠭᠦᠷᠲᠡᠯ᠎ᠡ ᠲᠠᠯᠪᠢᠭᠳᠠᠵᠠᠢ᠃ ᠱᠧᠩᠯᠢ ᠵᠡᠭᠡᠯᠢ ᠶᠢᠨ ᠬᠦᠷᠳᠦᠲᠦ ᠰᠠᠨᠳᠠᠯᠢ ᠲᠠᠢ ᠬᠥᠮᠥᠰ ᠢ ᠬᠠᠪᠰᠤᠷᠤᠯᠴᠠᠬᠤ ᠨᠡᠶᠢᠭᠡᠮᠯᠢᠭ ᠤᠨ ᠳᠠᠷᠤᠭ᠎ᠠ ᠯᠢ ᠵᠢᠶᠠᠨ ᠬᠤᠸᠠ᠄ ︽ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠤᠯᠠᠨ ᠢᠶᠠᠷ ᠢᠶᠠᠨ ᠪᠠᠶᠠᠷ ᠬᠦᠷ ᠲᠠᠢ ᠪᠠᠷ ᠴᠠᠭᠠᠨ ᠰᠠᠷ᠎ᠠ ᠪᠠᠨ ᠤᠭᠲᠤᠵᠤ᠂ ᠰᠢᠨ᠎ᠡ ᠵᠢᠯ ᠤᠨ ᠦᠨᠦᠷ ᠠᠮᠲᠠ ᠪᠢᠯᠬᠠᠮ᠎ᠠ ᠪᠠᠶᠢᠨ᠎ᠠ︾ ᠭᠡᠵᠦ ᠪᠠᠶᠠᠷᠲᠠᠢ ᠬᠡᠯᠡᠪᠡ᠃ ᠱᠧᠩᠯᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠱᠦ ᠭᠤᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠬᠤᠤ ᠵᠢᠶᠠᠨ ᠫᠢᠩ᠄ ︽ᠲᠤᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠵᠤ᠂ ᠤᠯᠠᠮᠵᠢᠯᠠᠯᠲᠤ ᠵᠠᠩ ᠦᠢᠯᠡ ᠶᠢᠨ ᠰᠣᠶᠣᠯ ᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠬᠠᠶᠢᠷ᠎ᠠ ᠬᠠᠯᠠᠮᠵᠢ ᠬᠦᠷᠲᠡᠭᠡᠵᠦ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠵᠠᠢ︾ ᠭᠡᠵᠡᠢ᠃    
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号