ᠠᠩᠬᠠᠷ︕ ᠡᠶᠢᠮᠦᠷᠬᠦ ᠠᠷᠢᠭᠤᠳᠬᠠᠬᠤ ᠰᠢᠩᠭᠡᠨ ᠢ ᠲᠦᠷᠭᠡᠨ ᠤ ᠲᠡᠮᠦᠷ ᠵᠠᠮ ᠳᠤ ᠠᠪᠴᠤ ᠶᠠᠪᠤᠵᠤ ᠪᠣᠯᠬᠤ ᠥᠬᠡᠶ
ᠨᠡᠶᠢᠲᠡᠯᠡᠭᠰᠡᠨ ᠴᠠᠭ᠄
2023/1/18
     ︽ᠲᠡᠮᠦᠷ ᠵᠠᠮ ᠤᠨ ᠠᠶᠠᠨᠴᠢᠳ ᠤᠨ ᠠᠪᠴᠤ ᠶᠠᠪᠤᠬᠤ ᠶᠢ ᠴᠠᠭᠠᠵᠠᠯᠠᠬᠤ᠂ ᠬᠢᠵᠠᠭᠠᠷᠯᠠᠬᠤ ᠡᠳ᠋ ᠪᠣᠳᠠᠰ ᠪᠠ ᠨᠠᠶᠢᠳᠠᠨ ᠲᠡᠭᠡᠭᠡᠪᠦᠷᠢᠯᠡᠭᠦᠯᠬᠦ ᠡᠳ᠋ ᠪᠣᠳᠠᠰ ᠤᠨ ᠭᠠᠷᠴᠠᠭ︾ ᠤᠨ ᠠᠯᠪᠠᠨ ᠵᠠᠷᠯᠠᠯ ᠲᠠᠬᠢ ᠨᠢᠭᠡᠳᠦᠭᠡᠷ ᠵᠦᠢᠯ ᠤᠨ ︽ᠨᠠᠶᠢᠳᠠᠨ ᠲᠡᠭᠡᠭᠡᠪᠦᠷᠢᠯᠡᠭᠦᠯᠬᠦ ᠪᠠ ᠪᠡᠶ᠎ᠡ ᠳᠡᠭᠡᠨ ᠠᠪᠴᠤ ᠶᠠᠪᠤᠬᠤ ᠶᠢ ᠴᠠᠭᠠᠵᠠᠯᠠᠬᠤ ᠡᠳ᠋ ᠪᠣᠳᠠᠰ︾ ᠪᠠ ᠳᠥᠷᠪᠡᠳᠦᠭᠡᠷ ᠵᠦᠢᠯ ᠤᠨ ︽ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ︾ ᠤᠨ ᠭᠡᠰᠡᠭ ᠲᠤ ︽ᠰᠫᠢᠷᠲ︾ ᠢ ᠴᠠᠭᠠᠵᠠᠯᠠᠬᠤ ᠭᠠᠷᠴᠠᠭ ᠲᠤ ᠣᠷᠣᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃ ᠠᠶᠠᠨᠴᠢᠳ ᠠᠶᠠᠨ ᠵᠠᠮ ᠳᠠᠭᠠᠨ ᠠᠷᠢᠭᠤᠳᠬᠠᠬᠤ ᠱᠠᠭᠠᠷᠳᠠᠯᠭ᠎ᠠ ᠲᠠᠢ ᠪᠣᠯ ᠠᠷᠢᠭᠤᠳᠬᠠᠬᠤ ᠨᠦᠢᠲᠠᠨ ᠠᠯᠴᠢᠭᠤᠷ᠂ ᠠᠷᠢᠭᠤᠳᠬᠠᠬᠤ ᠬᠥᠪᠥᠩ ᠵᠡᠷᠭᠡ ᠶᠢ ᠬᠡᠷᠡᠭᠯᠡᠵᠦ ᠪᠣᠯᠤᠨ᠎ᠠ᠃ ᠠᠩᠬᠠᠷᠤᠭᠤᠰᠢᠳᠠᠢ ᠨᠢ ᠠᠷᠢᠭᠤᠳᠬᠠᠬᠤ ᠴᠠᠷᠴᠠᠮᠠᠯ ᠴᠠᠪᠠᠤ ᠪᠣᠯ ︽ᠠᠮᠠᠷᠬᠠᠨ ᠰᠢᠲᠠᠬᠤ ᠪᠦᠷᠢᠯᠳᠦᠬᠦᠨ ᠠᠭᠤᠯᠤᠭᠰᠠᠨ ᠥᠪᠡᠰᠦᠪᠡᠨ ᠰᠦᠷᠴᠢᠨ ᠭᠠᠷᠬᠤ ᠳᠠᠷᠤᠯᠲᠠᠲᠤ ᠪᠤᠰᠤ ᠰᠠᠪᠠ  ᠳᠤ ᠰᠠᠪᠠᠯᠠᠬᠰᠠᠨ ᠡᠳᠦᠷ ᠲᠤᠲᠤᠮ ᠤᠨ ᠬᠡᠷᠡᠭᠰᠡᠯ︾ ᠪᠤᠯᠬᠤ ᠪᠦᠭᠡᠳ ᠠᠶᠤᠯᠬᠦᠢ ᠶᠢᠨ ᠪᠠᠶᠢᠴᠠᠭᠠᠯᠲᠠ ᠳᠤ ︽ᠪᠡᠶ᠎ᠡ ᠳᠡᠭᠡᠨ ᠠᠪᠴᠤ ᠶᠠᠪᠤᠬᠤ ᠶᠢ ᠬᠢᠵᠠᠭᠠᠷᠯᠠᠬᠤ ᠡᠳ᠋ ᠪᠣᠳᠠᠰ︾ ᠪᠣᠯᠤᠨ᠎ᠠ᠃ ᠡᠶᠢᠮᠦ ᠠᠴᠠ ᠬᠥᠮᠦᠨ ᠪᠦᠷᠢ 1 ᠯᠡ ᠰᠢᠷᠬᠡᠭ ᠠᠪᠴᠤ ᠶᠠᠪᠤᠬᠤ ᠪᠤᠯᠬᠤ ᠮᠥᠷᠲᠡᠭᠡᠨ ᠳᠠᠩ ᠪᠡᠶᠡᠲᠦ ᠶᠢᠨ ᠪᠠᠭᠲᠠᠭᠠᠮᠵᠢ ᠨᠢ 100 ᠮᠢᠯᠢᠯᠢᠳ᠋ᠷ ᠠᠴᠠ ᠬᠡᠲᠦᠷᠡᠵᠦ ᠪᠣᠯᠬᠤ ᠦᠭᠡᠢ᠃    
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号