ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠶᠢᠨᠠᠨ ᠤ ᠠᠢ ᠬᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠠᠢ
ᠨᠡᠶᠢᠲᠡᠯᠡᠭᠰᠡᠨ ᠴᠠᠭ᠄
2023/1/19
      1 ᠰᠠᠷ᠎ᠠ ᠶᠢᠨ 17 ᠤ ᠡᠳᠦᠷ᠂ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠶᠢᠨᠠᠨ ᠤ ᠠᠢ ᠬᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠴᠢ ᠯᠢᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠠᠢ᠃ ᠴᠢ ᠯᠢᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠥᠷᠥᠯ ᠵᠦᠢᠯ ᠤᠨ ᠬᠦᠴᠤᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠳᠤ ᠪᠥᠬᠦ ᠶᠠᠪᠤᠴᠠ ᠶᠢᠨ ᠪᠥᠬᠦ ᠲᠠᠯ᠎ᠠ ᠶᠢᠨ ᠦᠢᠯᠡᠴᠢᠯᠡᠭᠡ ᠶᠢ ᠦᠨᠡᠨ ᠰᠡᠳᠬᠢᠯ ᠠᠴᠠ ᠪᠠᠨ ᠬᠠᠩᠭᠠᠬᠤ ᠬᠡᠷᠡᠭᠲᠡᠢ᠃ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠮᠲᠤᠪᠠᠷ ᠴᠢᠷᠮᠠᠶᠢᠵᠤ᠂ ᠭᠠᠷ ᠬᠤᠯᠪᠣᠨ ᠬᠠᠮᠲᠤᠷᠠᠯᠴᠠᠨ᠂ ᠬᠠᠷᠢᠯᠴᠠᠨ ᠬᠠᠮᠲᠤᠪᠠᠷ ᠠᠰᠢᠭ ᠬᠦᠷᠲᠡᠵᠦ᠂ ᠵᠠᠯᠠᠶᠢᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠠᠮᠳᠣᠷᠠᠯ ᠤᠨ ᠬᠦᠴᠦᠨ ᠢ ᠨᠢᠭᠲᠠᠷᠠᠭᠤᠯᠬᠤ ᠶᠢ ᠬᠦᠰᠡᠵᠦ ᠪᠠᠶᠢᠨ᠎ᠠ ᠭᠡᠵᠡᠢ᠃ ᠬᠠᠶᠢᠨᠠᠨ ᠤ ᠠᠢ ᠬᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠠᠷᠢᠭᠤᠴᠠᠯᠭᠠᠲᠠᠨ ᠠᠴᠠ ᠪᠥᠬᠦ ᠬᠦᠴᠦᠨ ᠢᠶᠠᠷ ᠢᠶᠠᠨ ᠭᠠᠷ ᠬᠤᠯᠪᠣᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠡᠭᠦᠳᠴᠦ᠂ ᠵᠠᠯᠠᠶᠢᠳ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃  
 
ᠢᠷᠡᠯᠲᠡ᠄ ᠵᠠᠯᠠᠶᠢᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号