ᠵᠠᠰᠠᠭ ᠤᠨ ᠤᠷᠳᠤᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠨᠡᠪᠲᠡᠷᠡᠯᠴᠡᠭᠡ ᠰᠣᠯᠢᠯᠴᠠᠭ᠎ᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ | ᠮᠥᠩᠭᠦᠨ ᠭᠦᠢᠯᠭᠡᠭᠡ ᠬᠢᠭᠡᠳ ᠪᠣᠳᠠᠲᠤ ᠴᠣᠭᠴᠠ ᠶᠢᠨ ᠠᠵᠤ ᠠᠬᠤᠶ ᠶᠢᠨ ᠬᠠᠮᠲᠤᠷᠠᠯᠴᠠᠭ᠎ᠠ ᠬᠢᠵᠦ ᠬᠠᠮᠲᠤ ᠪᠠᠷ | ᠠᠰᠢᠭ ᠭᠥᠷᠳᠡᠬᠦ ᠶᠢ ᠠᠬᠢᠭᠤᠯᠤᠨ᠂ ᠮᠥᠩᠭᠦᠨ ᠭᠦᠢᠯᠭᠡᠭᠡᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠦᠢᠯᠡᠴᠢᠯᠡᠬᠦ ᠴᠢᠬᠤᠯᠠ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ | 1 ᠰᠠᠷ᠎ᠠ ᠶᠢᠨ 16 ᠤ ᠡᠳᠦᠷ᠂ ᠪᠥᠬᠦ ᠠᠶᠢᠮᠠᠭ ᠤᠨ ᠵᠠᠰᠠᠭ ᠤᠨ ᠤᠷᠳᠤᠨ ᠮᠥᠩᠭᠦᠨ ᠭᠦᠢᠯᠭᠡᠭᠡ ᠠᠵᠤ ᠠᠬᠤᠶᠢᠯᠠᠯ ᠢ | ᠵᠣᠯᠭᠠᠭᠤᠯᠬᠤ ᠬᠤᠷᠠᠯ ᠬᠤᠷᠠᠯᠳᠤᠪᠠ᠃ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠾᠧ | ᠸᠧᠢ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ 3 ᠰᠠᠯᠠᠭ᠎ᠠ ᠮᠥᠴᠢᠷ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠵᠦ᠂ 4 ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ 2 ᠠᠵᠤ ᠠᠬᠤᠶᠢᠯᠠᠯ ᠤᠨ | ᠲᠥᠯᠥᠭᠡᠯᠡᠭᠴᠢ ᠲᠣᠰ ᠲᠣᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ 8 ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠢ 9 ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠲᠤᠬᠠᠶ ᠶᠢᠨ ᠲᠠᠯᠠᠪᠤᠷ ᠲᠤ ᠭᠡᠷ᠎ᠡ ᠲᠣᠭᠲᠠᠵᠤ᠂ | ᠵᠣᠭᠤᠰ ᠤᠨ ᠲᠤᠭ᠎ᠠ ᠨᠢ 9.549 ᠳ᠋ᠦᠩᠰᠢᠭᠤᠷ ᠲᠥᠭᠦᠷᠢᠭ ᠲᠤ ᠬᠦᠷᠴᠡᠶ᠃ | ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠳᠠᠩᠰᠠ | ᠲᠤᠰᠢᠶᠠᠬᠤ ᠤᠬᠠᠮᠰᠠᠷ︾ ᠲᠠᠢ ᠪᠠᠶᠢᠵᠤ᠂ ᠢᠳᠡᠪᠬᠢᠲᠡᠢ ᠪᠠᠷ ᠠᠵᠢᠯ ᠶᠠᠪᠤᠳᠠᠯ ᠬᠢᠵᠦ᠂ ᠰᠠᠨᠠᠭᠠᠴᠢᠯᠠᠭ᠎ᠠ ᠠᠴᠠ ᠪᠠᠨ | ᠵᠠᠰᠠᠭ ᠤᠨ ᠣᠷᠳᠣᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢ ᠵᠣᠯᠭᠠᠭᠤᠯᠬᠤ | ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠢ | ᠥᠷᠭᠡᠳᠬᠡᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠬᠦᠴᠦᠯᠡᠨ ᠴᠢᠷᠮᠠᠶᠢᠵᠤ | ᠦᠢᠯᠡᠰ ᠪᠦᠲᠦᠭᠡᠵᠦ᠂ ︽ᠬᠥᠬᠡᠭᠴᠢᠨ ᠲᠠᠯ᠎ᠠ ᠶᠢᠨ ᠰᠡᠳᠬᠢᠬᠦᠢ︾ ᠪᠠᠷ ᠦᠢᠯᠡᠴᠢᠯᠡᠭᠡ ᠪᠠᠨ ᠰᠢᠯᠢᠳᠡᠭᠵᠢᠭᠦᠯᠵᠦ᠂ ︽ | ᠬᠠᠨᠳᠤᠯᠭᠠᠲᠤ ᠰᠡᠳᠬᠢᠬᠦᠢ︾ ᠪᠠᠷ ᠤᠨᠢᠨ ᠳᠡᠭᠡᠷ᠎ᠡ ᠨᠢ ᠦᠢᠯᠡᠴᠢᠯᠡᠵᠦ᠂ ︽ᠥᠭᠡᠷᠡᠴᠢᠯᠡᠯᠲᠡ ᠶᠢᠨ ᠰᠡᠳᠬᠢᠬᠦᠢ︾ ᠪᠠᠷ | ᠰᠢᠨ᠎ᠡ ᠶᠢ ᠡᠭᠦᠳᠬᠦ ᠬᠡᠷᠡᠭᠲᠡᠢ᠃ ᠡᠯ᠎ᠡ ᠠᠵᠤ ᠠᠬᠤᠶᠢᠯᠠᠯ ᠵᠣᠷᠢᠭᠲᠠᠢ ᠪᠠᠷ ᠰᠠᠶᠢᠨ ᠶᠠᠪᠤᠳᠠᠯ ᠬᠢᠵᠦ᠂ ᠵᠣᠷᠢᠭᠲᠠᠢ ᠪᠠᠷ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠦᠪᠰᠢᠨ ᠢᠶᠠᠨ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠠᠶᠢᠨ ᠰᠠᠶᠢᠬᠠᠨ ᠲᠦᠷᠢ ᠲᠥᠷᠬᠦ ᠶᠢ ᠱᠤᠭᠤᠬᠤ ᠬᠡᠷᠡᠭᠲᠡᠢ ᠭᠡᠪᠡ᠃ | |