ᠵᠠᠩ ᠰᠢᠶᠤᠤ ᠪᠢᠩ ᠠᠶᠢᠮᠠᠭ ᠤᠨ ᠲᠠᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2023/1/20
   1 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠵᠠᠬᠢᠳᠠᠯ ᠢᠯᠡᠭᠡᠬᠦ ᠬᠡᠯᠪᠡᠷᠢ ᠪᠠᠷ ᠠᠶᠢᠮᠠᠭ ᠤᠨ ᠲᠡᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠼᠦᠢ ᠯᠢᠶᠠᠨ ᠵᠢᠶᠤᠤ ᠶᠢ ᠲᠣᠬᠤᠨᠢᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠡᠮᠦᠨ᠎ᠡ ᠠᠴᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠠᠬᠠᠮᠠᠳ ᠨᠥᠬᠦᠳ ᠤᠨ ᠬᠢᠩᠭᠠᠨ ᠠᠶᠢᠮᠠᠭ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ᠂ ᠤᠯᠠᠨ ᠢᠶᠠᠷ ᠢᠶᠠᠨ ᠴᠠᠭᠠᠨ ᠰᠠᠷ᠎ᠠ ᠶᠢᠨ ᠪᠠᠶᠠᠷ ᠬᠦᠷ ᠲᠠᠢ᠂ ᠤᠷᠳᠤ ᠨᠠᠰᠤᠯᠠᠵᠤ ᠤᠳᠠᠭᠠᠨ ᠵᠢᠷᠭᠠᠬᠤ ᠶᠢ ᠬᠦᠰᠡᠨ ᠵᠥᠩᠨᠡᠪᠡ᠃    ᠬᠢᠵᠢᠭ ᠤᠨ ᠪᠠᠶᠢᠳᠠᠯ ᠪᠠ ᠠᠬᠠᠮᠠᠳ ᠨᠥᠬᠦᠳ ᠤᠨ ᠬᠦᠰᠡᠯ ᠰᠠᠨᠠᠭ᠎ᠠ ᠶᠢ ᠪᠣᠳᠣᠯᠬᠢᠯᠠᠨ᠂ ᠵᠠᠩ ᠰᠢᠶᠤᠤ ᠪᠢᠩ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠣᠬᠤᠨᠢᠭᠤᠯᠬᠤ ᠵᠠᠬᠢᠳᠠᠯ ᠬᠦᠷᠭᠡᠭᠦᠯᠬᠦ ᠪᠠᠷ ᠨᠠᠶᠢᠳᠠᠪᠠ᠃ ᠵᠠᠩ ᠰᠢᠶᠣᠤ ᠪᠢᠩ ᠵᠠᠬᠢᠳᠠᠯ ᠳᠠᠭᠠᠨ᠄ 2022 ᠣᠨ ᠪᠣᠯ ᠬᠢᠩᠭᠠᠨ ᠠᠶᠢᠮᠠᠭ ᠤᠨ ᠬᠥᠭᠵᠢᠯᠲᠡ ᠶᠢᠨ ᠲᠡᠦᠬᠡᠨ ᠳᠡᠭᠡᠷᠡᠬᠢ ᠲᠦᠢᠯ ᠤᠨ ᠴᠢᠬᠤᠯᠠ ᠨᠢᠭᠡ ᠵᠢᠯ ᠪᠣᠯᠤᠨ᠎ᠠ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠ ᠶᠢ ᠲᠣᠭᠲᠠᠭᠤᠨ ᠪᠠᠶᠢᠯᠭᠠᠬᠤ︾ ᠶᠢᠨ ᠬᠤᠷᠢᠭ᠎ᠠ ᠱᠤᠭᠤᠮ ᠢ ᠰᠠᠬᠢᠵᠤ᠂ ︽ᠲᠠᠪᠤ ᠶᠢ ᠠᠬᠢᠭᠤᠯᠬᠤ︾ ᠡᠭᠦᠷᠭᠡ ᠶᠢ ᠪᠣᠳᠠᠲᠠᠶ ᠠᠳᠬᠤᠵᠤ᠂ ᠪᠥᠬᠦ ᠠᠶᠢᠮᠠᠭ ᠤᠨ ᠡᠯ᠎ᠡ ᠵᠦᠶ᠋ᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠡᠷᠭᠡ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠵᠤ᠂ ᠣᠯᠠᠨ ᠵᠦᠢᠯ ᠤᠨ ᠠᠵᠢᠯ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠪᠠ᠃ ᠡᠳᠡᠭᠡᠷ ᠠᠮᠵᠢᠯᠲᠠ ᠶᠢ ᠤᠯᠬᠤ ᠳᠤ ᠠᠬᠠᠮᠠᠳ ᠨᠥᠬᠦᠳ ᠤᠨ ᠥᠩᠭᠡᠷᠡᠭᠰᠡᠨ ᠳᠤ ᠲᠠᠯᠪᠢᠭᠰᠠᠨ ᠰᠠᠶᠢᠨ ᠰᠠᠭᠤᠷᠢ ᠪᠣᠯᠤᠨ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠭᠰᠡᠨ ᠠᠴᠠ ᠰᠠᠯᠵᠤ ᠴᠢᠳᠠᠬᠤ ᠦᠭᠡᠢ ᠶᠤᠮ᠃ ᠠᠬᠠᠮᠠᠳ ᠨᠥᠬᠦᠳ ᠪᠡᠶ᠎ᠡ ᠪᠠᠨ ᠬᠢᠴᠢᠶᠡᠬᠦ ᠶᠢᠨ ᠬᠠᠮᠲᠤ ᠤᠯᠤᠰ ᠲᠦᠷᠦ ᠶᠢᠨ ᠳᠠᠪᠠᠭᠤᠯᠢᠭ᠂ ᠲᠤᠷᠰᠢᠯᠭ᠎ᠠ ᠶᠢᠨ ᠳᠠᠪᠠᠭᠤᠯᠢᠭ᠂ ᠨᠡᠷ᠎ᠡ ᠬᠦᠨᠳᠦ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠦᠷᠭᠦᠯᠵᠢᠯᠡᠨ ᠭᠡᠷᠡᠯ ᠭᠢᠯᠪᠠᠭ᠎ᠠ ᠪᠠᠨ ᠪᠠᠳᠠᠷᠠᠭᠤᠯᠵᠤ᠂ ᠪᠢᠳᠡᠨ ᠢ ᠬᠠᠪᠰᠤᠷᠤᠨ ᠵᠢᠯᠣᠭᠤᠳᠴᠤ ᠪᠠᠶᠢᠭᠠᠳ ᠬᠢᠩᠭᠠᠨ ᠠᠶᠢᠮᠠᠭ ᠤᠨ ᠤᠴᠢᠷ ᠶᠠᠪᠤᠳᠠᠯ ᠢ ᠨᠡᠩ ᠰᠠᠶᠢᠨ ᠬᠢᠬᠦ ᠶᠢ ᠬᠦᠰᠡᠵᠦ ᠪᠠᠶᠢᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠬᠠᠮᠠᠳ ᠨᠥᠬᠦᠳ ᠢ ᠬᠠᠯᠠᠮᠵᠢᠯᠠᠨ ᠬᠠᠶᠢᠷᠠᠯᠠᠵᠤ᠂ ᠡᠯ᠎ᠡ ᠵᠦᠢᠯ ᠤᠨ ᠬᠠᠷᠠᠭᠠᠯᠵᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠤᠯᠠᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠲᠤᠷ ᠡᠳ᠋ᠯᠡᠭᠦᠯᠵᠦ᠂ ᠵᠣᠯ ᠵᠢᠷᠭᠠᠯ ᠲᠠᠢ ᠥᠲᠡᠯᠦᠭᠡ ᠨᠠᠰᠤ ᠶᠢ ᠡᠳ᠋ᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠠᠬᠠᠮᠠᠳ ᠺᠠᠳ᠋ᠷᠴᠤᠳ ᠠᠶᠢᠮᠠᠭ ᠤᠨ ᠨᠠᠮ ᠤᠨ ᠬᠤᠷᠢᠶ᠎ᠠ ᠶᠢᠨ ᠮᠡᠨᠳᠦᠴᠢᠯᠡᠯ ᠬᠠᠯᠠᠮᠵᠢᠯᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠯᠤᠭᠰᠠᠨ ᠰᠢᠨ᠎ᠡ ᠠᠮᠵᠢᠯᠲᠠ ᠪᠦᠲᠦᠮᠵᠢ ᠰᠢᠨ᠎ᠡ ᠠᠬᠢᠴᠠ ᠳᠤ ᠪᠠᠶᠠᠷᠯᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠳᠡᠮᠵᠢᠵᠦ᠂ ᠬᠢᠩᠭᠠᠨ ᠠᠶᠢᠮᠠᠭ ᠤᠨ ᠡᠯ᠎ᠡ ᠵᠦᠶ᠋ᠯ ᠤᠨ ᠠᠵᠢᠯ  ᠦᠢᠡᠯᠰ ᠤᠨ ᠬᠥᠭᠵᠢᠯᠲᠡ ᠳᠤ ᠢᠳᠡᠪᠬᠢᠲᠡᠶ ᠪᠠᠷ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠶ ᠢᠯᠡᠷᠬᠡᠶᠢᠯᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号