ᠪᠥᠬᠦ ᠠᠶᠢᠮᠠᠭ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/20
   1 ᠰᠠᠷ᠎ᠠ ᠶᠢᠨ 19 ᠤ ᠡᠳᠦᠷ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠪᠥᠬᠦ ᠠᠶᠢᠮᠠᠭ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠭᠡᠷ ᠳᠡᠳ᠋ ᠶᠡᠷᠦᠩᠬᠡᠶ ᠵᠢᠯᠣᠭᠤᠳᠣᠭᠴᠢ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠾᠧ ᠸᠧᠶ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠰᠦᠨ  ᠳ᠋ᠧ ᠮᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠤᠨ 1  ᠰᠠᠷ᠎ᠠ ᠶᠢᠨ 13 ᠤ ᠡᠳᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠱᠠᠭᠠᠷᠳᠠᠯᠭ᠎ᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠤᠨ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠶᠢ ᠤᠯᠠᠮᠵᠢᠯᠠᠪᠠ᠃ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠵᠧᠤ ᠲᠤᠤ ︽ᠬᠥᠬᠡᠭᠴᠢᠨ ᠲᠥᠷᠥᠯ ᠤᠨ ᠬᠥᠬᠡᠭᠴᠢᠨ ᠲᠥᠷᠥᠯ ᠤᠨ ᠬᠠᠮᠢᠶᠠᠷᠤᠯᠲᠠ︾ ᠠᠴᠠ ᠨᠠᠰᠢᠬᠢ ᠪᠥᠬᠦ ᠠᠶᠢᠮᠠᠭ ᠤᠨ ᠬᠦᠨᠳᠦ ᠡᠪᠡᠳᠴᠢᠲᠡᠨ ᠢ ᠠᠪᠤᠷᠠᠨ ᠵᠠᠰᠠᠬᠤ᠂ ᠡᠮᠴᠢᠯᠡᠭᠡᠨ ᠤ ᠡᠬᠢ ᠪᠠᠶᠠᠯᠢᠭ ᠤᠨ ᠴᠢᠳᠠᠪᠤᠷᠢ ᠶᠢᠨ ᠪᠠᠶᠢᠭᠤᠯᠤᠯᠲᠠ᠂ ᠡᠮ ᠤᠨ ᠵᠦᠢᠯ  ᠤᠨ ᠨᠥᠭᠡᠴᠡᠯᠡᠯ ᠬᠠᠩᠭᠠᠯᠭ᠎ᠠ᠂ ᠸᠠᠺᠼᠢᠨ ᠤ ᠲᠠᠷᠢᠯᠭ᠎ᠠ ᠵᠡᠷᠭᠡ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ ᠣᠯᠠᠨ ᠲᠦᠮᠡᠨ ᠤ ᠬᠠᠮᠲᠤ ᠪᠠᠷ ᠬᠤᠭᠤᠯᠠᠯᠠᠬᠤ᠂ ᠴᠤᠭᠯᠠᠷᠠᠬᠤ᠂ ᠰᠤᠷᠪᠤᠯᠵᠢᠯᠠᠬᠤ ᠶᠠᠪᠤᠳᠠᠯ ᠣᠯᠠᠰᠢᠷᠠᠵᠤ᠂ ᠬᠤᠶᠠᠳᠠᠬᠢ ᠤᠳᠠᠭᠠᠨ ᠤ ᠬᠠᠯᠳᠠᠪᠤᠷᠢᠯᠠᠯ ᠤᠨ ᠠᠶᠤᠯ ᠲᠦᠭᠰᠢᠭᠦᠷᠢ ᠨᠡᠮᠡᠭᠳᠡᠵᠦ ᠪᠠᠶᠢᠨ᠎ᠠ᠃ ᠡᠮ ᠡᠮᠨᠡᠯᠭᠡ ᠶᠢᠨ ᠡᠬᠢ ᠪᠠᠶᠠᠯᠢᠭ ᠤᠨ ᠪᠠᠶᠢᠭᠤᠯᠤᠯᠲᠠ᠂ ᠡᠮᠨᠡᠨ ᠰᠤᠪᠢᠯᠠᠬᠤ ᠠᠵᠢᠯ ᠤᠨ ᠬᠦᠴᠦᠨ᠂ ᠡᠮ ᠤᠨ ᠵᠦᠢᠯᠡᠰ ᠤᠨ ᠡᠳ᠋ ᠪᠣᠳᠠᠰ ᠤᠨ ᠨᠥᠭᠡᠴᠡ ᠵᠡᠷᠭᠡ ᠠᠵᠢᠯ ᠤᠨ ᠳᠤᠲᠠᠭᠤᠳᠠᠯ ᠢ ᠱᠠᠯᠠᠪᠳᠠᠨ ᠨᠥᠬᠦᠪᠥᠷᠢᠯᠡᠵᠦ᠂ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃    ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢ ᠬᠢᠨᠠᠨ ᠬᠡᠮᠵᠢᠵᠦ ᠬᠠᠮᠢᠶᠠᠷᠬᠤ ᠪᠠ ᠭᠤᠤᠯᠳᠠᠯᠭ᠎ᠠ ᠲᠠᠢ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠬᠢᠬᠦ ᠶᠢ ᠠᠬᠢᠭᠤᠯᠤᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠨᠠᠶᠢᠳᠠᠪᠤᠷᠢᠵᠢᠭᠤᠯᠬᠤ ᠲᠦᠷᠢᠮ ᠤᠨ ᠱᠠᠭᠠᠷᠳᠠᠯᠭ᠎ᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠰᠢᠢᠳᠪᠪᠦᠷᠢᠯᠡᠬᠦ ᠶᠢ ᠴᠢᠩᠭᠠᠳᠬᠠᠵᠤ᠂ ᠵᠥᠪ ᠲᠠᠯ᠎ᠠ ᠪᠠᠷ ᠲᠠᠭᠤ ᠭᠠᠷᠭᠠᠬᠤ ᠶᠢ ᠤᠬᠠᠭᠤᠯᠤᠨ ᠬᠥᠲᠥᠯᠦᠨ ᠵᠢᠯᠣᠭᠤᠳᠬᠤ 6  ᠵᠦᠢᠯ ᠤᠨ ᠭᠤᠤᠯᠳᠠᠯᠭ᠎ᠠ ᠲᠠᠢ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠬᠢᠬᠦ ᠬᠡᠷᠡᠭᠲᠡᠶ᠃ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠳᠤᠯᠠᠬᠤ ᠬᠡᠷᠡᠭᠲᠡᠢ ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号