ᠬᠢᠩᠭᠠᠨ ᠠᠶᠢᠮᠠᠭ ᠪᠦᠬᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2023/1/28
     1 ᠰᠠᠷ᠎ᠠ ᠶᠢᠨ 19 ᠤ ᠡᠳᠦᠷ᠂ ᠮᠠᠨ ᠤ ᠠᠶᠢᠮᠠᠭ ᠪᠦᠬᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠤᠳᠤᠷᠢᠳᠤᠯᠭ᠎ᠠ ᠰᠦᠬᠡ᠂ ᠰᠢᠤᠢ ᠵᠦᠸᠧ᠂ ᠯᠢᠦ ᠱᠦ ᠴᠧᠩ ᠨᠡᠷ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠬᠤᠩ ᠼᠠᠢ ᠬᠤᠷᠠᠯ ᠡᠷᠭᠢᠯᠡᠪᠡ᠃    ᠬᠤᠷᠠᠯ ᠠᠴᠠ᠂ ᠲᠤᠰ ᠤᠳᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠪᠣᠯ ᠪᠦᠬᠦ ᠣᠷᠣᠨ ᠤ ᠳᠡᠭᠡᠳᠦ ᠲᠤᠤᠷᠠᠳᠤ ᠱᠠᠲᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ ᠪᠦᠲᠦᠭᠡᠯᠴᠢ ᠪᠠᠷ ᠰᠠᠶᠢᠲᠤᠷ ᠬᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ  ᠭᠡᠪᠡ᠃    ᠬᠤᠷᠠᠯ ᠠᠴᠠ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠰᠢᠭᠯᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠶᠡᠬᠡᠪᠡᠷ ᠠᠬᠢᠭᠤᠯᠵᠤ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢᠨ ᠠᠷᠠᠯᠵᠢᠶ᠎ᠠ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠮᠳᠤᠭᠤᠯᠬᠤ ᠭᠦᠢᠴᠡᠳᠬᠡᠯ ᠲᠤᠭ᠎ᠠ ᠶᠢᠨ ᠠᠷᠠᠯᠵᠢᠶ᠎ᠠ ᠶᠢᠨ ᠬᠤᠶᠠᠷ ︽ᠰᠠᠶᠢᠨ ᠠᠷᠠᠯᠵᠢᠶ᠎ᠠ︾ ᠶᠢ ᠰᠠᠶᠢᠲᠤᠷ ᠬᠢᠬᠦ ᠬᠡᠷᠡᠭᠲᠡᠢ᠃ ᠣᠲᠣ ᠦᠶ᠎ᠡ ᠶᠢᠨ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢ ᠰᠠᠶᠢᠲᠤᠷ ᠪᠤᠶᠢᠵᠢᠭᠤᠯᠤᠨ ᠰᠠᠶᠢᠲᠤᠷ ᠪᠥᠲᠥᠭᠡᠨ ᠪᠠᠶᠢᠭᠤᠯᠵᠤ᠂ ᠲᠤᠭ᠎ᠠ ᠬᠡᠮᠵᠢᠶ᠎ᠡ ᠪᠠᠷ ᠶᠡᠭᠡ᠂ ᠴᠢᠨᠠᠷ ᠰᠠᠶᠢᠲᠠᠶ᠂ ᠦᠨ᠎ᠡ ᠥᠨᠳᠥᠷ ᠴᠢᠭᠯᠡᠯ ᠢ ᠬᠠᠷᠠᠭᠠᠯᠠᠨ᠂ ᠲᠠᠷᠢᠶᠠᠯᠠᠩ ᠮᠠᠯ ᠠᠵᠤ ᠠᠬᠤᠶ ᠶᠢᠨ ᠲᠣᠮᠣ ᠠᠶᠢᠮᠠᠭ ᠢ ᠲᠠᠷᠢᠶᠠᠯᠠᠩ ᠮᠠᠯ ᠠᠵᠤ ᠠᠬᠤᠶ ᠶᠢᠨ ᠬᠦᠴᠦᠷᠬᠡᠭ ᠠᠶᠢᠮᠠᠭ ᠳᠠᠰᠢ ᠬᠤᠪᠢᠷᠠᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠤᠨ ᠪᠠᠶᠢᠳᠠᠯ ᠢ ᠰᠠᠶᠢᠲᠤᠷ ᠪᠠᠬᠢᠵᠢᠭᠦᠯᠦᠨ ᠰᠠᠶᠢᠲᠤᠷ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠨᠡᠩ ᠢᠯᠡ ᠳᠦᠷᠦᠭᠳᠡᠯ ᠲᠠᠢ ᠪᠦᠲᠦᠮᠵᠢᠲᠡᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠬᠦᠴᠦᠯᠡᠨ ᠪᠠᠶᠢᠭᠤᠯᠵᠤ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂ ᠵᠤᠷᠪᠤᠰ ᠵᠤᠷᠪᠤᠰ ᠳᠠᠷᠠᠭᠠᠯᠠᠨ ᠵᠠᠳᠠᠯᠤᠨ ᠨᠠᠷᠢᠯᠢᠬᠵᠢᠭᠤᠯᠵᠤ ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠬᠠᠯᠠᠮᠵᠢᠯᠠᠯ ᠳᠡᠮᠵᠢᠯᠭᠡ ᠶᠢ ᠦᠨᠡᠨᠬᠦ ᠬᠥᠭᠵᠢᠯᠲᠡ ᠶᠢ ᠲᠦᠷᠭᠡᠳᠬᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ ᠪᠠᠶᠢᠴᠠᠭᠠᠬᠤ ︽ᠬᠤᠶᠠᠷ ᠬᠤᠷᠢᠶ᠎ᠠ︾ ᠬᠠᠤᠯᠢ ᠲᠦᠷᠢᠮ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠵᠢᠯ ᠢᠶᠠᠨ ᠥᠷᠨᠢᠭᠦᠯᠵᠦ᠂ ᠡᠯ᠎ᠡ ᠱᠠᠲᠤᠨ ᠤ ᠺᠠᠳ᠋ᠷᠴᠤᠳ ᠪᠣᠳᠠᠲᠠᠶ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠵᠤ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠷᠠᠭᠤᠯᠤᠨ᠂ ᠵᠣᠷᠢᠭᠲᠠᠶ ᠪᠠᠷ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠴᠤᠴᠠᠯᠲᠠ ᠦᠭᠡᠢ ᠤᠷᠤᠭᠰᠢᠯᠠᠬᠤ ᠡᠷᠴᠢ ᠵᠣᠷᠢᠭ ᠢᠶᠠᠷ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠶ ᠶᠢ ᠨᠡᠭᠡᠭᠡᠬᠦ ᠬᠡᠷᠡᠭᠲᠡᠶ᠃    ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠨᠳᠦ ᠡᠪᠡᠳᠴᠢᠲᠡᠨ ᠢ ᠡᠮᠨᠡᠨ ᠠᠪᠤᠷᠠᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠨ ᠠᠳᠬᠤᠵᠤ᠂ ᠭᠤᠣᠯᠳᠠᠯᠭ᠎ᠠ ᠲᠠᠢ ᠡᠮ ᠡᠮᠨᠡᠯᠭᠡ ᠶᠢᠨ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠭᠤᠣᠯᠳᠠᠯᠭ᠎ᠠ ᠲᠠᠢ ᠬᠥᠮᠦᠰ ᠤᠨ ᠰᠡᠷᠭᠡᠶᠢᠯᠡᠯᠲᠡ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠤᠯᠠᠨ ᠲᠦᠮᠡᠨ ᠤ ᠡᠮ ᠬᠡᠷᠡᠭᠯᠡᠵᠦ ᠡᠮᠨᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠳᠤ ︽ᠡᠭᠦᠳᠡ ᠪᠠᠨ ᠯᠠᠪᠳᠠᠭᠤᠨ ᠨᠡᠭᠡᠭᠡᠵᠦ᠂ ᠰᠠᠶᠢᠨ ᠡᠬᠢᠯᠡᠯᠲᠡ ᠲᠠᠢ︾ ᠪᠠᠶᠢᠬᠤ ᠶᠢ ᠪᠠᠲᠤᠯᠠᠬᠤ ᠬᠡᠷᠡᠭᠲᠡᠢ᠃ ᠣᠨᠴᠠᠭᠠᠢ ᠬᠦᠴᠢᠷᠳᠡᠯᠲᠡᠢ ᠬᠥᠮᠦᠰ ᠢ ᠬᠠᠯᠠᠮᠵᠢᠯᠠᠨ ᠬᠠᠶᠢᠷᠠᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ  ᠭᠡᠪᠡ᠃    ᠬᠤᠷᠠᠯ ᠠᠴᠠ ᠪᠠᠰᠠ ︽ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠣᠭᠲᠠᠭᠠᠯ ᠤᠳ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃    ᠬᠤᠷᠠᠯ ᠢ ᠸᠢᠳᠢᠤ᠋ ᠬᠡᠯᠪᠡᠷᠢ ᠪᠠᠷ ᠬᠤᠰᠢᠭᠤ ᠰᠢᠶᠠᠨ ᠬᠤᠲᠠ ᠳᠤ ᠬᠤᠷᠠᠯᠳᠤᠭᠤᠯᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号