ᠰᠦᠬᠡ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠰᠠᠭ ᠤᠨ ᠶᠠᠪᠤᠳᠠᠯ ᠤᠨ ᠵᠢᠵᠢᠭᠦᠷ ᠤᠨ ᠪᠠᠶᠢᠳᠠᠯ ᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2023/1/28
   1 ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ  ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠶᠢᠨ ᠠᠩᠭᠢ ᠳᠠᠭᠠᠭᠤᠯᠤᠭᠰᠠᠨ ᠤᠳᠤᠷᠢᠳᠤᠯᠭ᠎ᠠ ᠲᠠᠢ ᠬᠤᠯᠪᠣᠭᠳᠠᠭᠤᠯᠤᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠰᠠᠭ ᠤᠨ ᠶᠠᠪᠤᠳᠠᠯ ᠤᠨ ᠵᠢᠵᠢᠭᠦᠷ ᠤᠨ ᠠᠵᠢᠯ ᠢ ᠬᠢᠨᠠᠨ ᠵᠢᠯᠣᠭᠤᠳᠴᠤ ᠳᠣᠭᠢᠷᠠᠭᠤᠯᠤᠭᠰᠠᠨ ᠪᠥᠭᠡᠳ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠺᠠᠳ᠋ᠷ ᠠᠵᠢᠯᠲᠠᠳ ᠲᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃    ᠸᠢᠳᠢᠣ᠋ ᠲᠤᠬᠢᠷᠠᠭᠤᠯᠭ᠎ᠠ ᠶᠢᠨ ᠬᠤᠷᠠᠯ ᠳᠡᠭᠡᠷ᠎ᠡ᠂ ᠰᠦᠬᠡ᠂ ᠥᠨᠥᠳᠦᠷ ᠪᠣᠯ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠪᠣᠯᠤᠨ᠎ᠠ᠂ ᠥᠷᠭᠡᠨ ᠤᠯᠠᠨ ᠵᠢᠵᠢᠭᠦᠷᠯᠡᠭᠴᠢ ᠭᠡᠷ ᠤᠨ ᠬᠥᠮᠦᠰ ᠲᠠᠢ ᠪᠠᠨ ᠠᠭᠤᠯᠵᠠᠬᠤ ᠡᠳᠦᠷ ᠢᠶᠠᠨ ᠲᠠᠶᠠᠭᠳᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠮᠤᠷ ᠠᠮᠤᠭᠤᠯᠠᠩ ᠢ ᠦᠭᠡ ᠳᠠᠭᠤᠨ ᠦᠭᠡᠢ ᠰᠠᠬᠢᠨ ᠬᠠᠮᠠᠭᠠᠯᠠᠵᠤ᠂ ᠤᠯᠠᠨ ᠢᠶᠠᠷ ᠢᠶᠠᠨ ᠵᠦᠳᠡᠷᠡᠯ᠎ᠡ ᠭᠡᠵᠦ ᠵᠢᠭᠠᠵᠤ ᠭᠠᠷᠭᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠤᠳᠤᠷᠢᠳᠬᠤ ᠺᠠᠳ᠋ᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠭᠡᠯᠵᠢ ᠳᠠᠭᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠡᠨᠡᠳᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠲᠦᠷᠭᠡᠨ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠡᠷᠡᠰ ᠬᠠᠮᠠᠭᠠᠯᠠᠵᠤ᠂ ᠤᠯᠠᠨ ᠲᠦᠮᠡᠨ ᠤ ᠠᠮᠤᠷ ᠲᠦᠪᠰᠢᠨ᠂ ᠥᠯᠵᠡᠢ ᠪᠡᠯᠭᠡ ᠲᠠᠢ᠂ ᠪᠠᠶᠠᠷ ᠪᠠᠶᠠᠰᠬᠤᠯᠠᠩ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃    ᠰᠦᠬᠡ ᠴᠢᠬᠤᠯᠠᠴᠢᠯᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠣᠳᠠᠲᠠᠢ ᠠᠵᠢᠯᠯᠠᠵᠤ ᠡᠷᠡᠯᠬᠡᠭᠯᠡᠨ ᠤᠷᠤᠭᠰᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ᠂ ᠰᠣᠶᠣᠯ ᠵᠤᠭᠠᠴᠠᠯ ᠤᠨ ᠠᠵᠤ ᠦᠢᠯᠡᠰ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠳᠪᠦᠷᠢ ᠪᠣᠯᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠴᠢᠬᠤᠯᠠ ᠶᠡᠭᠡ ᠠᠬᠢᠯᠳᠠ ᠲᠠᠢ ᠪᠣᠯᠪᠠ᠂ ᠬᠢᠯᠪᠡᠷ ᠪᠤᠰᠤ ᠪᠠᠷ ᠠᠮᠵᠢᠯᠲᠠ ᠣᠯᠤᠭᠰᠠᠨ ᠶᠤᠮ᠃ ᠰᠢᠨ᠎ᠡ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠴᠢ ᠵᠣᠷᠢᠭ ᠢᠶᠠᠨ ᠬᠥᠪᠴᠢᠯᠡᠨ᠂ ᠡᠷᠴᠢ ᠵᠣᠷᠢᠭ ᠢᠶᠠᠨ ᠬᠥᠪᠴᠢᠯᠡᠵᠦ᠂ ᠪᠣᠳᠠᠲᠠᠢ ᠶᠢ ᠡᠷᠬᠢᠮᠯᠡᠬᠦ ᠰᠤᠷᠲᠠᠯ ᠪᠣᠯᠤᠨ ᠯᠠᠪᠳᠠᠭᠤᠨ ᠪᠠᠲᠤᠲᠠᠢ ᠠᠷᠭ᠎ᠠ  ᠬᠡᠮᠵᠢᠶ᠎ᠡ ᠪᠠᠷ ᠠᠶᠢᠮᠠᠭ ᠤᠨ ᠨᠠᠮ ᠤᠨ  ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠬᠢᠷᠠᠭᠤᠯᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠲᠠᠪᠰᠢᠯᠳᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠬᠤ ᠬᠡᠷᠡᠭᠲᠡᠢ  ᠭᠡᠪᠡ᠃    ᠠᠶᠢᠮᠠᠭ ᠤᠨ ᠤᠳᠤᠷᠢᠳᠤᠯᠭ᠎ᠠ ᠯᠢᠶᠠᠩ ᠶᠠᠨ ᠵᠢᠶᠦ᠋ᠨ ᠬᠤᠷᠠᠯ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号