ᠰᠢ ᠶᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/1/28
    ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 25 ᠤ ᠴᠠᠬᠢᠯᠭᠠᠨ ᠮᠡᠳᠡᠭᠡ 1 ᠰᠠᠷ᠎ᠠ ᠶᠢᠨ 24 ᠤ ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ ᠶᠠᠪᠤᠭᠳᠠᠪᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃
 
   1 ᠰᠠᠷ᠎ᠠ ᠶᠢᠨ 24 ᠤ ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ ᠶᠠᠪᠤᠭᠳᠠᠪᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ  ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃    ᠰᠢ ᠶᠢᠨ ᠫᠢᠩ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠬᠦᠨ ᠬᠡᠰᠡᠭ ᠮᠥᠨ᠂  ᠪᠠᠰᠠ ᠴᠤ ᠪᠥᠬᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠭᠴᠢ ᠪᠠ ᠬᠤᠪᠢ ᠨᠡᠮᠡᠷᠢ ᠦᠵᠡᠭᠦᠯᠦᠭᠴᠢ ᠮᠥᠨ᠂ ᠯᠠᠲ᠋ᠢᠨ ᠠᠮᠧᠷᠢᠺᠠ ᠶᠢᠨ ᠬᠠᠮᠲᠤ ᠶᠢᠨ  ᠴᠣᠭᠴᠠ ᠨᠢᠭᠡᠨᠲᠡ ᠪᠥᠬᠦ ᠪᠥᠮᠪᠥᠷᠴᠡᠭ ᠤᠨ ᠡᠮᠦᠨᠡᠳᠡᠬᠢ ᠨᠢ ᠡᠮᠦᠨᠡᠳᠡᠬᠢ ᠲᠠᠢ ᠪᠠᠨ ᠬᠠᠮᠲᠤᠷᠠᠯᠴᠠᠬᠤ ᠳᠤ ᠳᠤᠲᠠᠭᠳᠠᠵᠤ ᠪᠣᠯᠣᠰᠢ ᠦᠭᠡᠢ ᠠᠬᠢᠭᠤᠯᠬᠤ ᠬᠦᠴᠦᠨ ᠪᠣᠯᠵᠤ᠂  ᠭᠠᠵᠠᠷ ᠣᠷᠣᠨ ᠤ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ᠂ ᠣᠷᠣᠨ ᠪᠦᠰᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠤ ᠨᠢᠭᠡ ᠴᠣᠭᠴᠠᠵᠢᠯᠲᠠ ᠶᠢᠨ ᠠᠬᠢᠴᠠ ᠶᠢ ᠢᠮᠠᠭᠲᠠ ᠳᠡᠮᠵᠢᠵᠦ᠂  ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠢ ᠪᠠᠬᠢᠵᠢᠭᠦᠯᠬᠦ᠂ ᠡᠮᠦᠨᠡᠳᠡᠬᠢ ᠲᠠᠢ ᠪᠠᠨ ᠬᠠᠮᠲᠤᠷᠠᠯᠴᠠᠬᠤ ᠶᠢ ᠠᠬᠢᠭᠤᠯᠬᠤ ᠴᠢᠬᠤᠯᠠ ᠬᠠᠨᠢᠲᠠᠨ ᠢᠶᠠᠷ ᠦᠵᠡᠵᠦ ᠪᠠᠶᠢᠨ᠎ᠠ᠃ ᠶᠠᠭ ᠡᠶᠢᠮᠦ ᠤᠭ ᠰᠠᠨᠠᠭ᠎ᠠ ᠠᠴᠠ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠢᠨ ᠲᠠᠢ ᠬᠠᠮᠲᠤ ᠪᠠᠷ᠂ ᠳᠤᠮᠳᠠᠳᠤ ᠯᠠᠲ᠋ᠢᠨ ᠠᠮᠧᠷᠢᠺᠠ ᠶᠢᠨ  ᠶᠠᠷᠢᠶᠠᠨ ᠤ ᠲᠠᠪᠴᠠᠩ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠡᠷᠬᠡ ᠲᠡᠭᠰᠢ᠂ ᠬᠠᠷᠢᠯᠴᠠᠨ ᠠᠰᠢᠭᠲᠠᠢ᠂ ᠰᠢᠨ᠎ᠡ ᠶᠢ ᠡᠭᠦᠳᠬᠦ᠂ ᠨᠡᠭᠡᠭᠡᠯᠲᠡᠲᠦ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ ᠣᠷᠣᠬᠤ ᠶᠢ ᠠᠬᠢᠭᠤᠯᠪᠠ᠃ ᠨᠡᠩ ᠣᠯᠠᠨ ᠭᠠᠵᠠᠷ ᠣᠷᠣᠨ ᠪᠣᠯᠣᠨ ᠤᠯᠤᠰ ᠤᠳ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠬᠢᠵᠦ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠣᠨ ᠪᠥᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ  ᠳᠡᠮᠵᠢᠬᠦ ᠪᠥᠭᠡᠳ ᠣᠷᠣᠯᠴᠠᠵᠤ᠂ ᠳᠤᠮᠳᠠᠳᠤ ᠤᠯᠤᠰ ᠲᠠᠢ ᠭᠠᠷ ᠬᠤᠯᠪᠣᠨ ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃
 
   1 ᠰᠠᠷ᠎ᠠ ᠶᠢᠨ 24 ᠤ ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ ᠶᠠᠪᠤᠭᠳᠠᠪᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ  ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃    ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠤᠷᠪᠠᠭᠠᠨ ᠬᠥᠷᠪᠡᠭᠡᠨ ᠲᠠᠢ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠂ ᠭᠠᠭᠴᠠ ᠬᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠪᠠᠯ ᠰᠠᠶ᠋ᠢ ᠥᠷᠢᠰᠦᠯᠳᠦᠭᠡᠨ ᠢ ᠬᠠᠮᠲᠤ ᠪᠠᠷ ᠤᠭᠲᠤᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠴᠢᠳᠠᠨ᠎ᠠ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠦᠷᠭᠦᠯᠵᠢᠯᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠭᠠᠷ  ᠬᠤᠯᠪᠣᠨ ᠬᠠᠮᠲᠤ ᠪᠠᠷ ᠤᠷᠤᠭᠰᠢᠯᠠᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠪᠦᠬᠦᠢ ᠪᠥᠬᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ᠂ ᠬᠥᠮᠥᠨ  ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ  ᠭᠡᠵᠦ ᠴᠢᠬᠤᠯᠠᠴᠢᠯᠠᠪᠠ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号