ᠸᠠᠩ ᠰᠢᠶᠣᠣ ᠬᠤᠸᠠᠨ ᠦᠨᠳᠦᠰᠦᠨ ᠱᠠᠳᠤ ᠪᠠᠷ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠲᠠᠯ᠎ᠠ ᠪᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/1/29
     1 ᠰᠠᠷ᠎ᠠ ᠶᠢᠨ 20 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠣᠣ ᠬᠤᠸᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠣᠯᠠᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ᠂ ᠷᠠᠰᠢᠶᠠᠨ ᠲᠣᠰᠣ ᠨᠡᠮᠡᠬᠦ ᠥᠷᠲᠡᠭᠡ᠂ ᠯᠢ ᠵᠢᠶᠦ᠋ᠨ ᠫᠤᠤᠵᠢᠩ ᠬᠤᠸᠠᠷ ᠫᠤᠤᠵᠢᠩ ᠤᠨ ᠳᠡᠯᠭᠡᠭᠦᠷ ᠵᠡᠷᠭᠡ ᠭᠠᠵᠠᠷ ᠢᠶᠠᠷ ᠭᠦᠨᠵᠡᠭᠡᠶᠢᠷᠡᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠠᠶᠤᠯᠭᠦᠢ ᠦᠢᠯᠡᠳᠪᠦᠷᠢᠯᠡᠯ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠵᠢᠵᠢᠭᠦᠷᠯᠡᠨ ᠰᠠᠬᠢᠬᠤ᠂ ᠪᠠᠶᠠᠷ ᠤᠨ ᠡᠳᠦᠷ ᠤᠨ ᠳᠤᠯᠠᠭᠠᠯᠠᠭ᠎ᠠ ᠬᠠᠩᠭᠠᠬᠤ ᠵᠡᠷᠭᠡ ᠲᠠᠯ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠨᠢᠭᠡᠳᠦᠭᠡᠷ ᠹᠷᠣᠨᠲ ᠲᠤ ᠠᠵᠢᠯᠯᠠᠵᠣ ᠪᠠᠶᠢᠭ᠎ᠠ ᠥᠷᠭᠡᠨ ᠣᠯᠠᠨ ᠺᠠᠳ᠋ᠷ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠸᠠᠩ ᠰᠢᠶᠣᠣ ᠬᠤᠸᠠᠨ᠂ ᠪᠥᠬᠦ ᠬᠤᠲᠠ ᠶᠢᠨ ᠡᠯ᠎ᠡ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ ᠠᠴᠠ ᠵᠠᠬ᠎ᠠ ᠳᠡᠯᠭᠡᠭᠦᠷ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠴᠠᠭᠠᠨ ᠰᠠᠷ᠎ᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠤ᠂ ᠡᠯ᠎ᠡ ᠲᠥᠷᠥᠯ ᠤᠨ ᠲᠠᠸᠠᠷ ᠢ ᠰᠢᠨᠵᠢᠯᠡᠬᠦ ᠤᠬᠠᠭᠠᠨᠴᠢ ᠪᠠᠷ ᠨᠥᠭᠡᠴᠡᠯᠡᠵᠦ᠂ ᠲᠠᠸᠠᠷ ᠤᠨ ᠲᠤᠭ᠎ᠠ ᠬᠡᠮᠵᠢᠶ᠎ᠡ ᠭᠦᠢᠴᠡᠳ᠂ ᠶᠠᠰᠤ ᠴᠢᠨᠠᠷ ᠬᠢᠷᠢ ᠲᠡᠩᠴᠡᠭᠰᠡᠨ᠂ ᠦᠨ᠎ᠡ ᠬᠠᠩᠰᠢ ᠵᠦᠢ ᠵᠣᠬᠢᠰᠲᠠᠢ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠢ ᠰᠠᠨᠠᠭ᠎ᠠ ᠠᠮᠤᠷ ᠬᠤᠳᠠᠯᠳᠤᠨ ᠠᠪᠬᠤ ᠶᠢ ᠡᠷᠡᠰ ᠰᠠᠬᠢᠨ ᠬᠠᠮᠠᠭᠠᠯᠠᠬᠤ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠦᠨᠡᠨ ᠬᠦ ᠰᠠᠶᠢᠲᠤᠷ ᠬᠢᠵᠦ᠂ ᠵᠢᠯᠣᠭᠤᠳᠤᠨ ᠲᠣᠬᠢᠷᠠᠭᠤᠯᠬᠤ ᠶᠢ ᠴᠢᠩᠭᠠᠳᠬᠠᠵᠤ᠂ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠣᠨ᠂ ᠡᠯ᠎ᠡ ᠲᠦᠷᠦᠯ ᠤᠨ ᠮᠡᠳᠡᠭᠡ ᠵᠠᠩᠭᠢ ᠶᠢ ᠴᠠᠭ ᠲᠤᠬᠠᠢ  ᠳᠤᠨᠢ ᠰᠠᠭᠠᠳ ᠦᠭᠡᠢ ᠨᠡᠪᠲᠡᠷᠡᠭᠦᠯᠬᠦ᠂ ᠭᠡᠨᠡᠳᠲᠡ ᠶᠢᠨ ᠬᠡᠷᠡᠭ ᠢ ᠪᠦᠲᠦᠮᠵᠢᠲᠡᠢ ᠰᠢᠢᠳᠪᠦᠷᠢᠯᠡᠬᠦ᠂ ᠡᠯ᠎ᠡ ᠲᠦᠷᠦᠯ ᠤᠨ ᠠᠵᠢᠯ ᠢ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠠᠮᠤᠷ ᠲᠦᠪᠰᠢᠨ ᠤ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠣᠨ᠂ ᠨᠡᠶᠢᠲᠡ ᠶᠢᠨ ᠮᠠᠰᠢᠨ ᠲᠡᠷᠭᠡ ᠶᠢ ᠴᠠᠭ ᠲᠤᠬᠠᠢ ᠳᠤᠨᠢ ᠬᠢᠨᠠᠨ ᠡᠵᠡᠮᠳᠡᠬᠦ ᠶᠢ ᠴᠢᠩᠭᠠᠳᠬᠠᠵᠤ᠂ ᠫᠤᠤᠵᠢᠩ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠯᠠᠪᠳᠠᠭᠤᠨ ᠪᠠᠲᠤᠲᠠᠢ ᠴᠣᠭᠴᠠᠯᠠᠵᠤ᠂ ᠳᠤᠯᠠᠭᠠᠯᠠᠭ᠎ᠠ ᠶᠢᠨ ᠪᠠᠲᠤᠯᠠᠪᠤᠷᠢ ᠶᠢᠨ ᠬᠥᠪᠴᠢ ᠶᠢ ᠴᠠᠭ ᠢᠮᠠᠭᠲᠠ ᠴᠢᠩᠭᠠᠷᠠᠭᠤᠯᠣᠨ᠂ ᠡᠯ᠎ᠡ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠠᠷᠢᠯᠭᠠᠵᠤ᠂ ᠪᠦᠬᠦ ᠬᠤᠳᠠ ᠶᠢᠨ ᠠᠷᠠᠳ ᠤᠯᠠᠨ ᠢ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠡᠪᠡ᠃    
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号