ᠬᠢᠩᠭᠠᠨ ᠠᠶᠢᠮᠠᠭ ᠤᠨ ︽ᠨᠢᠭᠡ ᠲᠠᠯᠠᠪᠤᠷ ᠬᠤᠶᠠᠷ ᠥᠷᠲᠡᠭᠡ︾ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠦᠷᠭᠦᠯᠵᠢᠯᠡᠨ ᠰᠢᠯᠢᠳᠡᠭᠵᠢᠭᠦᠯᠵᠦ ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2023/1/30
     ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠳᠤ᠂ 40 ᠡᠳᠦᠷ ᠤᠨ ᠬᠤᠭᠤᠴᠠᠭ᠎ᠠ ᠲᠠᠢ 2023 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠤ ᠬᠠᠭᠠᠰ ᠬᠤᠭᠤᠴᠠᠭ᠎ᠠ ᠶᠢ ᠥᠩᠭᠡᠷᠡᠵᠦ᠂ ᠴᠥᠭᠡᠨ ᠪᠤᠰᠤ ᠬᠥᠮᠦᠰ ᠪᠤᠴᠠᠬᠤ ᠵᠠᠮ ᠳᠠᠭᠠᠨ ᠣᠷᠣᠪᠠ᠃ ᠰᠤᠷᠪᠤᠯᠵᠢᠯᠠᠭᠴᠢ ᠤᠷᠢᠳ ᠬᠤᠵᠢᠳ ᠤᠯᠠᠭᠠᠨᠬᠤᠲᠠ ᠶᠢᠨ ᠨᠢᠰᠬᠡᠯ ᠤᠨ ᠪᠠᠭᠤᠳᠠᠯ᠂ ᠤᠯᠠᠭᠠᠨᠬᠤᠲᠠ ᠶᠢᠨ ᠭᠠᠯᠲᠤ ᠲᠡᠷᠭᠡᠨ ᠤ ᠥᠷᠲᠡᠭᠡ᠂ ᠤᠯᠠᠭᠠᠨᠬᠤᠲᠠ ᠶᠢᠨ ᠮᠠᠰᠢᠨ ᠲᠡᠷᠭᠡᠨ ᠤ ᠥᠷᠲᠡᠭᠡ ᠳᠤ ᠬᠦᠷᠴᠦ ᠰᠤᠷᠪᠤᠯᠵᠢᠯᠠᠪᠠ᠂ ᠲᠥᠪ ᠤᠨ ᠬᠢᠵᠢᠭ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠤᠭᠰᠠᠨ ᠤ ᠳᠠᠷᠠᠭᠠᠬᠢ ᠠᠩᠬᠠᠳᠠᠭᠴᠢ ᠴᠠᠭᠠᠨ ᠰᠠᠷ᠎ᠠ ᠶᠢᠨ ᠵᠥᠭᠡᠭᠡᠪᠦᠷᠢ ᠪᠣᠯᠤᠭᠰᠠᠨ ᠤ ᠬᠤᠪᠢ ᠳᠤ᠂ ᠬᠢᠩᠭᠠᠨ ᠠᠶᠢᠮᠠᠭ ᠤᠨ ᠬᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠬᠡᠷᠬᠢᠨ ᠪᠠᠲᠤᠯᠠᠬᠤ ᠪᠣᠶ᠃    ᠤᠯᠠᠭᠠᠨᠬᠤᠲᠠ ᠶᠢᠨ ᠨᠢᠰᠬᠡᠯ ᠤᠨ ᠪᠠᠭᠤᠳᠠᠯ ᠳᠤ᠂ ᠰᠤᠷᠪᠤᠯᠵᠢᠯᠠᠭᠴᠢ ᠨᠢᠰᠬᠡᠯ ᠬᠦᠯᠢᠶᠡᠬᠦ ᠠᠰᠠᠷ᠂ ᠶᠡᠷᠦᠩᠬᠡᠶᠢᠯᠡᠭᠰᠡᠨ ᠠᠯᠪᠠᠯᠠᠬᠤ ᠠᠰᠠᠷ᠂ ᠠᠭᠤᠳᠠᠮ ᠲᠠᠯᠠᠪᠠᠢ ᠵᠡᠷᠭᠡ ᠭᠠᠵᠠᠷ ᠲᠤ ᠴᠥᠮ ᠪᠠᠶᠠᠷ ᠬᠦᠷ ᠢᠶᠠᠷ ᠪᠢᠯᠬᠠᠭᠰᠠᠨ ᠤᠯᠠᠭᠠᠨ ᠳ᠋ᠧᠩᠯᠦ ᠡᠯᠭᠦᠭᠰᠡᠨ ᠢ ᠣᠯᠵᠤ ᠬᠠᠷᠠᠭᠠᠳ᠂ ᠰᠢᠨ᠎ᠡ ᠵᠢᠯ ᠤᠨ ᠠᠭᠤᠷ ᠠᠮᠢᠰᠬᠤᠯ ᠪᠢᠯᠬᠠᠨ᠎ᠠ᠃ ᠡᠨᠡ ᠵᠢᠯ ᠤᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠤᠯᠠᠭᠠᠨᠬᠤᠲᠠ ᠶᠢᠨ ᠨᠢᠰᠬᠡᠯ ᠤᠨ ᠪᠠᠭᠤᠳᠠᠯ ᠤᠨ ᠠᠶᠠᠯᠠᠯ ᠤᠨ ᠱᠤᠭᠤᠮ 13 ᠪᠠᠶᠢᠵᠤ᠂ ᠠᠶᠠᠯᠠᠯ ᠨᠡᠪᠲᠡᠷᠡᠬᠦ ᠬᠤᠲᠠ 16 ᠪᠠᠶᠢᠵᠤ᠂ 1100 ᠡᠭᠡᠯᠵᠢ ᠶᠢᠨ ᠨᠢᠰᠬᠡᠯ ᠢ ᠪᠠᠲᠤᠯᠠᠬᠤ ᠪᠠᠷ ᠲᠥᠯᠥᠪᠯᠡᠵᠦ᠂ ᠵᠢᠱᠢᠯᠲᠡ ᠪᠠᠷ ᠡᠳᠦᠷ ᠪᠦᠷᠢ ᠳᠤᠮᠳᠠᠴᠢ ᠪᠠᠷ 28 ᠤᠳᠠᠭ᠎ᠠ ᠠᠶᠠᠯᠠᠵᠤ᠂ ᠠᠶᠠᠨᠴᠢᠳ ᠢ 7 ᠲᠦᠮᠡᠨ ᠬᠥᠮᠦᠨ ᠤᠳᠠᠭ᠎ᠠ ᠵᠥᠭᠡᠭᠡᠪᠦᠷᠢᠯᠡᠨ᠎ᠡ᠃ 1 ᠰᠠᠷ᠎ᠠ ᠶᠢᠨ 7 ᠤ ᠡᠳᠦᠷ ᠠᠴᠠ 31 ᠤ ᠡᠳᠦᠷ ᠪᠣᠯᠲᠠᠯ᠎ᠠ᠂ ᠪᠡᠭᠡᠵᠢᠩ ︵ᠨᠡᠶᠢᠰᠯᠡᠯ︶ = ᠤᠯᠠᠭᠠᠨᠬᠤᠲᠠ ᠶᠢᠨ ᠠᠭᠠᠷ ᠤᠨ ᠠᠶᠠᠯᠠᠯ ᠤᠨ ᠱᠤᠭᠤᠮ ᠢ ᠨᠢᠭᠤᠴᠠᠯᠠᠵᠤ᠂ ᠠᠶᠠᠨᠴᠢᠳ ᠤᠨ ᠭᠠᠳᠠᠭᠰᠢ ᠭᠠᠷᠬᠤ ᠳᠤ ᠲᠥᠬᠦᠮ ᠪᠣᠯᠭᠠᠪᠠ᠃    ᠤᠯᠠᠭᠠᠨᠬᠤᠲᠠ ᠶᠢᠨ ᠭᠠᠯᠲᠤ ᠲᠡᠷᠭᠡᠨ ᠥᠷᠲᠡᠭᠡᠨ ᠳᠤ ᠬᠦᠷᠬᠦ ᠳᠤ᠂ ᠠᠶᠠᠨᠴᠢᠳ ᠤᠨ ᠲᠤᠭ᠎ᠠ ᠲᠣᠭᠲᠠᠭᠤᠨ᠂ ᠡᠮᠬᠢ ᠳᠢᠭᠯᠢᠮ ᠲᠠᠢ ᠪᠠᠶᠢᠵᠤ᠂ ᠥᠷᠲᠡᠭᠡᠨ ᠳᠤ ᠣᠷᠣᠬᠤ ᠡᠭᠦᠳᠡᠨ ᠳᠤ ᠨᠣᠮᠧᠷ ᠰᠢᠷᠪᠢᠵᠦ ᠳᠤᠯᠠᠭᠠᠨ ᠤ ᠬᠡᠮᠵᠢᠶ᠎ᠡ ᠶᠢ ᠬᠡᠮᠵᠢᠬᠦ ᠭᠤᠭᠴᠤᠭ᠎ᠠ ᠶᠢ ᠦᠭᠡᠶᠢᠰᠬᠡᠵᠦ᠂ ᠠᠶᠠᠨᠴᠢᠳ ᠠᠮᠠᠪᠴᠢ ᠵᠡᠭᠦᠵᠦ᠂ ᠲᠡᠷᠭᠡᠨ ᠥᠷᠲᠡᠭᠡᠨ ᠤ ᠠᠵᠢᠯᠲᠠᠳ ᠤᠨ ᠵᠢᠯᠤᠭᠤᠳᠤᠯᠭ᠎ᠠ ᠳᠣᠣᠷ᠎ᠠ᠂ ᠠᠮᠤᠷ ᠲᠦᠪᠰᠢᠨ ᠤ ᠪᠠᠶᠢᠴᠠᠭᠠᠯᠲᠠ ᠶᠢ ᠡᠮᠬᠢ ᠵᠢᠷᠤᠮ ᠲᠠᠢ ᠪᠠᠷ ᠪᠡᠶᠡᠯᠡᠭᠦᠯᠵᠦ ᠲᠡᠷᠭᠡ ᠬᠦᠯᠢᠶᠡᠬᠦ ᠭᠡᠷ ᠲᠤ ᠣᠷᠣᠪᠠ᠃ ᠣᠳᠣᠬᠠᠨ ᠳᠤ᠂ ᠨᠠᠰᠢ ᠴᠠᠰᠢ ᠶᠠᠪᠤᠬᠤ ᠭᠠᠯᠲᠤ ᠲᠡᠷᠭᠡ ᠶᠢ 5 ᠤᠳᠠᠭ᠎ᠠ ᠨᠡᠪᠲᠡᠷᠡᠭᠦᠯᠵᠡᠶ᠂ ᠠᠶᠠᠨᠴᠢᠳ ᠤᠨ ᠴᠤᠪᠤᠷᠠᠯ ᠤᠨ ᠣᠷᠭᠢᠯ ᠤᠨ ᠦᠶ᠎ᠡ ᠶᠢ ᠠᠷᠭᠠᠴᠠᠬᠤ ᠶᠢᠨ ᠲᠥᠯᠥᠭᠡ᠂ 1 ᠰᠠᠷ᠎ᠠ ᠶᠢᠨ 26 ᠤ ᠡᠳᠦᠷ᠂ 28 ᠤ ᠡᠳᠦᠷ ᠤᠯᠠᠭᠠᠨᠬᠤᠲᠠ ᠠᠴᠠ ᠪᠡᠭᠡᠵᠢᠩ ᠥᠷᠲᠡᠭᠡ ᠬᠥᠷᠬᠦ ᠠᠶᠠᠨᠴᠢᠳ ᠤᠨ ᠭᠠᠯᠲᠤ ᠲᠡᠷᠭᠡ ᠶᠢ K4410 ᠤᠳᠠᠭ᠎ᠠ ᠨᠡᠮᠡᠵᠦ ᠨᠡᠪᠲᠡᠷᠡᠭᠦᠯᠵᠡᠶ᠃    ᠵᠢᠯ ᠪᠦᠷᠢ ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠬᠢᠩᠭᠠᠨ ᠠᠶᠢᠮᠠᠭ ᠤᠨ ᠰᠢᠶᠠᠩ ᠶᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠤᠨ ᠰᠠᠶᠢᠨ ᠳᠤᠷ᠎ᠠ ᠶᠢᠨ ᠠᠵᠢᠯᠯᠠᠭᠴᠢᠳ ᠴᠥᠮ ᠤᠯᠠᠭᠠᠨᠬᠤᠲᠠ ᠶᠢᠨ ᠮᠠᠰᠢᠨ ᠲᠡᠷᠭᠡᠨ ᠤ ᠦᠷᠳᠡᠭᠡ ᠳᠤ ᠢᠷᠡᠵᠤ᠂ ᠭᠠᠯᠲᠤ ᠲᠡᠷᠭᠡᠨ ᠤ ᠦᠷᠳᠡᠭᠡ ᠶᠢᠨ ᠠᠵᠢᠯᠲᠠᠳ ᠢ ᠬᠠᠪᠰᠤᠷᠤᠨ ᠨᠠᠰᠢ ᠴᠠᠰᠢ ᠥᠩᠭᠡᠷᠡᠬᠦ ᠠᠶᠠᠨᠴᠢᠳ ᠲᠤ ᠠᠰᠠᠭᠤᠨ ᠯᠠᠪᠯᠠᠬᠤ᠂ ᠠᠶᠠᠨᠴᠢᠳ ᠢ ᠬᠥᠲᠥᠯᠥᠨ ᠵᠢᠯᠣᠭᠤᠳᠬᠤ᠂  ᠪᠤᠭᠤᠳᠠᠯ ᠵᠥᠭᠡᠭᠡᠪᠦᠷᠢᠯᠡᠬᠦ᠂ ᠠᠮᠠᠪᠴᠢ ᠲᠦᠭᠡᠭᠡᠬᠦ ᠵᠡᠷᠭᠡ ᠦᠢᠯᠡᠴᠢᠯᠡᠭᠡ ᠬᠠᠩᠭᠠᠨ᠎ᠠ᠃ ᠲᠡᠷᠭᠡᠨ ᠥᠷᠲᠡᠭᠡᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠪᠢᠯᠧᠲ ᠬᠤᠳᠠᠯᠳᠤᠬᠤ ᠲᠢᠩᠬᠢᠮ ᠳᠤ ᠴᠦ ᠲᠡᠷᠡ᠂ ᠡᠰᠡᠬᠦᠯ᠎ᠡ ᠲᠡᠷᠭᠡ ᠬᠦᠯᠢᠶᠡᠬᠦ ᠦᠷᠦᠭᠡ ᠳᠤ ᠴᠦ ᠲᠡᠷᠡ᠂ ᠬᠠᠯᠠᠭᠤᠨ ᠳᠣᠲᠣᠨᠣ ᠦᠭᠡ ᠶᠠᠷᠢᠶ᠎ᠠ ᠪᠦᠬᠦᠨ ᠨᠢ ᠥᠷᠭᠡᠨ ᠤᠯᠠᠨ ᠠᠶᠠᠨᠴᠢᠳ ᠤᠨ ᠠᠶᠠᠨ ᠵᠠᠮ ᠢ ᠳᠤᠯᠠᠭᠠᠴᠠᠭᠤᠯᠤᠨ᠎ᠠ    ᠬᠢᠩᠭᠠᠨ ᠠᠶᠢᠮᠠᠭ ᠤᠨ ︽ᠨᠢᠭᠡ ᠲᠠᠯᠠᠪᠤᠷ ᠬᠤᠶᠠᠷ ᠥᠷᠲᠡᠭᠡ︾  ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠶᠠᠨᠴᠢᠳ ᠢ ︽ᠬᠡᠷ ᠲᠡᠭᠡᠨ ᠬᠠᠷᠢᠬᠤ ᠵᠠᠮ ᠢ ᠨᠠᠩ ᠳᠥᠭᠦᠮ ᠳᠥᠲᠡ ᠪᠣᠯᠭᠠᠵᠤ ᠂ ᠨᠤᠲᠤᠭ ᠲᠠᠭᠠᠨ ᠪᠤᠴᠠᠬᠤ ᠠᠶᠠᠯᠠᠯ ᠢ ᠨᠠᠩ ᠬᠠᠯᠠᠭᠤᠨ ᠳᠤᠯᠠᠭᠠᠨ ᠪᠣᠯᠭᠠᠪᠠ︾᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号