ᠪᠠᠶᠠᠨᠬᠤᠰᠢᠭᠤ ᠪᠠᠯᠭᠠᠰᠤ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠰᠢᠨᠵᠢᠯᠡᠬᠦ ᠤᠬᠠᠭᠠᠨᠴᠢ ᠪᠠᠷ ᠨᠠᠷᠢᠯᠢᠭ | ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠳᠤᠮᠳᠠ ᠦᠢᠯᠡᠳᠦᠯ ᠢᠶᠠᠨ ᠨᠠᠩ ᠰᠠᠶᠢᠨ ᠪᠠᠳᠠᠷᠠᠭᠤᠯᠬᠤ ᠶᠢ ᠠᠬᠢᠭᠤᠯᠬᠤ | ᠲᠤᠬᠠᠢ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽1123︾ ᠶᠢᠨ | ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠲᠣᠭᠲᠠᠴᠠ ᠶᠢ ᠰᠢᠨ᠎ᠡ ᠪᠠᠷ ᠡᠭᠦᠳᠦᠨ ᠪᠠᠶᠢᠭᠤᠯᠵᠤ᠂ ᠣᠯᠠᠨ | ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠳ᠋ᠷ︾ ᠢ ᠰᠠᠭᠠᠳ ᠦᠭᠡᠢ ᠨᠡᠪᠲᠡᠷᠡᠭᠦᠯᠦᠨ᠎ᠡ᠃ ︽1123 | ︾ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠲᠣᠭᠲᠠᠴᠠ ᠭᠡᠳᠡᠭ ᠨᠢ᠄ ︽ᠠᠷᠠᠳ ᠲᠤ ᠦᠢᠯᠡᠴᠢᠯᠡᠵᠦ | ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠪᠠᠷ ᠨᠢᠭᠡᠨ ᠭᠤᠣᠯ ᠰᠢᠵᠢᠮ ᠪᠣᠯᠭᠠᠵᠤ᠂ ᠰᠡᠳᠬᠢᠯ ᠢ | ᠳᠤᠯᠠᠭᠠᠴᠠᠭᠤᠯᠬᠤ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ︽ᠲᠦᠷᠭᠡᠨ ᠪᠠᠶᠢᠷᠢᠯᠠᠭᠤᠯᠬᠤ᠂ ᠥᠷᠭᠡᠨ ᠢᠶᠠᠷ | ᠤᠬᠠᠭᠤᠯᠬᠤ︾ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠨᠠᠮ ᠤᠨ ᠪᠠᠶᠢᠭᠤᠯᠤᠯᠲᠠ — | ᠲᠣᠣᠷ ᠰᠦᠯᠵᠢᠶ᠎ᠡ — ᠰᠠᠶᠢᠨ ᠳᠤᠷ᠎ᠠ ᠶᠢᠨ ᠦᠢᠯᠡᠴᠢᠯᠡᠭᠡ︾ ᠪᠠᠷ ᠭᠤᠷᠪᠠᠨ ᠲᠦᠰᠢᠭ ᠪᠣᠯᠭᠠᠵᠤ᠂ ︽ᠲᠦᠷᠭᠡᠨ᠂ | ᠨᠠᠷᠢᠯᠢᠭ᠂ ᠪᠣᠳᠠᠲᠠᠢ᠂ ᠠᠮᠢᠳᠤᠯᠢᠭ︾ ᠳᠥᠷᠪᠡᠨ ᠶᠡᠭᠡ ᠣᠨᠴᠠᠯᠢᠭ ᠢ ᠲᠣᠪᠤᠶᠢᠯᠭᠠᠨ᠂ ᠪᠣᠳᠠᠲᠤ | ᠠᠵᠢᠯᠯᠠᠭ᠎ᠠ ᠪᠠᠷ ᠢᠶᠠᠨ ᠠᠷᠠᠳ ᠤᠨ ᠰᠡᠳᠬᠢᠯ ᠢ ᠨᠢᠭᠲᠠᠷᠠᠭᠤᠯᠵᠤ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ᠃ | ︽ᠨᠢᠭᠡᠨ ᠭᠤᠣᠯ ᠰᠢᠵᠢᠮ︾ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ ᠪᠠᠶᠠᠨᠬᠤᠰᠢᠭᠤ ᠪᠠᠯᠭᠠᠰᠤ ︽ | ᠠᠷᠠᠳ ᠲᠤ ᠦᠢᠯᠡᠴᠢᠯᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠪᠠᠷ ᠭᠤᠣᠯ ᠰᠢᠵᠢᠮ ᠪᠣᠯᠭᠠᠵᠤ᠂ | ᠠᠷᠠᠳ ᠲᠤ ᠲᠥᠬᠦᠮ ᠦᠵᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠤᠯᠠᠨ | ᠲᠦᠮᠡᠨ ᠤ ᠳᠤᠮᠳᠠ ᠭᠦᠨᠵᠡᠭᠡᠶᠢᠷᠡᠵᠦ᠂ ᠤᠨᠢᠨ ᠳᠡᠭᠡᠷ᠎ᠡ ᠨᠢ ᠣᠶᠢᠯᠠᠭᠠᠨ ᠵᠢᠭᠰᠠᠭᠠᠵᠤ᠂ ᠮᠡᠳᠡᠭᠡ ᠵᠠᠩᠭᠢ ᠶᠢᠨ ᠡᠬᠡ | ᠲᠠᠩᠰᠠ ᠶᠢ ᠪᠠᠶᠢᠭᠤᠯᠬᠤ ᠬᠡᠷᠡᠭᠲᠡᠢ︔ ᠡᠮᠨᠡᠯᠭᠡ ᠳᠤ ᠬᠦᠷᠭᠡᠵᠦ ᠡᠮ ᠬᠦᠷᠭᠡᠬᠦ ᠶᠢ ᠭᠡᠷ ᠲᠤᠨᠢ ᠬᠦᠷᠭᠡᠬᠦ ᠦᠢᠯᠡᠴᠢᠯᠡᠭᠡ | ᠬᠠᠩᠭᠠᠨ᠎ᠠ︔ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠣᠨᠴᠠᠭᠠᠶ ᠬᠠᠮᠲᠤᠯᠢᠭ ᠲᠤ ᠴᠠᠭ ᠲᠤᠬᠠᠢ ᠳᠤᠨᠢ | ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡ ᠶᠢ ᠬᠠᠩᠭᠠᠨ᠎ᠠ︔ ᠠᠮᠢᠳᠤᠷᠠᠯ ᠨᠢ | ᠬᠦᠴᠢᠷᠳᠡᠯ ᠲᠠᠢ ᠬᠠᠮᠲᠤᠯᠢᠭ ᠢ ᠰᠤᠷᠪᠤᠯᠵᠢᠯᠠᠵᠤ ᠲᠣᠬᠤᠨᠢᠭᠤᠯᠪᠠ︔ ︽ᠬᠤᠶᠠᠷ ᠪᠠᠶᠠᠷ︾ ᠤᠨ ᠬᠤᠭᠤᠴᠠᠭᠠᠨ ᠳᠠᠬᠢ | ᠬᠦᠴᠢᠷᠳᠡᠯᠲᠡᠢ ᠭᠡᠷ ᠪᠦᠯᠢ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ | ᠴᠢᠩᠭᠠᠳᠬᠠᠨ᠎ᠠ᠃ | ᠣᠲᠣ ᠪᠣᠯᠲᠠᠯ᠎ᠠ᠂ ᠬᠠᠯᠠᠭᠤᠨ ᠰᠡᠳᠬᠢᠯ ᠢ ᠳᠤᠯᠠᠭᠠᠴᠠᠭᠤᠯᠬᠤ ᠰᠠᠯᠪᠤᠷᠢ ᠪᠠᠭ᠎ᠠ ᠠᠩᠭᠢ ᠶᠢᠨ ᠬᠢᠨ ᠲᠠᠪᠤᠨ | ᠲᠥᠷᠥᠯ ᠤᠨ ᠭᠤᠣᠯᠳᠠᠯᠭ᠎ᠠ ᠲᠠᠢ 322 ᠬᠥᠮᠥᠨ ᠢ ᠪᠠᠶᠢᠴᠠᠭᠠᠨ ᠵᠢᠭᠰᠠᠭᠠᠵᠤ᠂ 460 ᠭᠠᠷᠤᠢ ᠤᠳᠠᠭ᠎ᠠ ᠶᠢᠨ | ᠦᠢᠯᠡᠴᠢᠯᠡᠭᠡ ᠶᠢ ᠥᠷᠨᠢᠭᠦᠯᠵᠦ᠂ 2000 ᠭᠠᠷᠤᠢ ᠬᠤᠪᠢ ᠬᠠᠶᠢᠷ᠎ᠠ ᠬᠠᠯᠠᠮᠵᠢ ᠶᠢᠨ ᠡᠮ ᠤᠨ ᠵᠦᠢᠯ ᠢ ᠲᠦᠭᠡᠭᠡᠨ | ᠥᠭᠴᠦ᠂ 100 ᠭᠠᠷᠤᠢ ᠤᠳᠠᠭ᠎ᠠ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠵᠦ᠂ 322 ᠡᠷᠦᠬᠡ ᠶᠢ | ᠰᠤᠷᠪᠤᠯᠵᠢᠯᠠᠨ ᠲᠣᠬᠤᠨᠢᠭᠤᠯᠵᠤ᠂ 240 ᠭᠠᠷᠤᠢ ᠤᠳᠠᠭ᠎ᠠ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ | ᠪᠠᠶᠢᠴᠠᠭᠠᠵᠤ᠂ ᠨᠡᠶᠢᠲᠡ 6000 ᠬᠥᠮᠥᠨ ᠤᠳᠠᠭ᠎ᠠ ᠣᠯᠠᠨ ᠲᠦᠮᠡᠨ ᠳᠤ ᠦᠢᠯᠡᠴᠢᠯᠡᠭᠰᠡᠨ ᠪᠠᠶᠢᠨ᠎ᠠ᠃ ︽ᠨᠢᠭᠡ | ᠰᠠᠯᠠᠭ᠎ᠠ ᠡᠩᠨᠡᠭᠡ︾ ᠬᠦᠴᠦᠨ ᠲᠡᠭᠦᠯᠳᠡᠷ ᠪᠠᠶᠠᠨᠬᠤᠰᠢᠭᠤ ᠪᠠᠯᠭᠠᠰᠤᠨ ᠤ ᠪᠠᠶᠢᠭᠤᠯᠤᠯᠭ᠎ᠠ ᠶᠢᠨ ᠺᠠᠳ᠋ᠷ᠂ ᠭᠠᠴᠠᠭᠠᠨ ᠤ | ︽ᠬᠤᠶᠠᠷ ᠵᠥᠪᠯᠡᠯ︾ ᠤᠨ ᠪᠠᠭ ᠤᠨ ᠭᠡᠰᠢᠭᠦᠨ᠂ ᠲᠣᠰᠬᠤᠨ ᠳᠤ ᠰᠠᠭᠤᠭ᠎ᠠ ᠺᠠᠳ᠋ᠷ᠂ ᠰᠦᠯᠵᠢᠶᠡᠨ ᠤ ᠠᠵᠢᠯᠲᠠᠨ᠂ | ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠲᠥᠪ ᠤᠨ ᠭᠡᠰᠢᠭᠦᠨ᠂ ︽ᠬᠤᠰᠢᠭᠤ ᠣᠷᠣᠨ ᠲᠤᠭ᠎ᠠ ᠲᠣᠰᠬᠤᠨ ᠳᠤ | ᠬᠡᠷᠡᠭᠯᠡᠬᠦ︾ ᠺᠠᠳ᠋ᠷ᠂ ᠰᠣᠩᠭᠤᠨ ᠰᠢᠯᠵᠢᠭᠦᠯᠬᠦ ᠰᠣᠷᠣᠭᠴᠢ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ 156 | ᠬᠥᠮᠥᠨ ᠢ ᠡᠮᠬᠢᠯᠡᠨ ᠨᠡᠶᠢᠯᠡᠭᠦᠯᠵᠦ᠂ ᠰᠡᠳᠬᠢᠯ ᠳᠤᠯᠠᠭᠠᠴᠠᠭᠤᠯᠬᠤ ᠦᠢᠯᠡᠴᠢᠯᠡᠭᠡᠨ ᠤ 51 ᠰᠠᠯᠪᠤᠷᠢ ᠪᠠᠭ᠎ᠠ ᠠᠩᠭᠢ ᠶᠢ | ᠵᠣᠬᠢᠶᠠᠨ ᠪᠠᠶᠢᠭᠤᠯᠵᠤ᠂ ᠡᠭᠦᠨ ᠳᠤ 115 ᠨᠠᠮ ᠤᠨ ᠭᠡᠰᠢᠭᠦᠨ ᠺᠠᠳ᠋ᠷ ᠪᠣᠶ᠃ ᠸᠢᠴᠠᠲ ᠤᠨ ᠣᠯᠠᠨ ᠨᠡᠶᠢᠲᠡ ᠶᠢᠨ | ᠳ᠋ᠤᠭᠠᠷ ᠤᠨ ᠲᠠᠪᠴᠠᠩ ᠢᠶᠠᠷ ᠳᠠᠮᠵᠢᠭᠤᠯᠤᠨ᠂ ᠰᠠᠯᠪᠤᠷᠢ ᠪᠠᠭ᠎ᠠ ᠠᠩᠭᠢ ᠶᠢᠨ ᠪᠦᠷᠢᠯᠳᠦᠭᠦᠨ ᠵᠢᠴᠢ ᠬᠠᠷᠢᠯᠴᠠᠬᠤ | ᠠᠷᠭ᠎ᠠ ᠮᠠᠶ᠋ᠢᠭ ᠵᠡᠷᠭᠡ ᠠᠭᠤᠯᠭ᠎ᠠ ᠶᠢ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠬᠦ ᠶᠢᠨ ᠬᠠᠮᠲᠤ ᠰᠡᠳᠬᠢᠯ ᠢ | ᠳᠤᠯᠠᠭᠠᠴᠠᠭᠤᠯᠬᠤ ᠦᠢᠯᠡᠴᠢᠯᠡᠭᠡᠨ ᠤ ᠬᠠᠷᠢᠯᠴᠠᠬᠤ ᠺᠠᠷᠲ ᠲᠠᠷᠬᠠᠭᠠᠵᠤ᠂ ᠣᠯᠠᠨ ᠲᠦᠮᠡᠨ ᠳᠤ ᠦᠢᠯᠡᠴᠢᠯᠡᠬᠦ ᠠᠷᠭ᠎ᠠ | ᠵᠠᠮ ᠢ ᠪᠦᠲᠦᠮᠵᠢᠲᠡᠶ ᠰᠢᠯᠤᠭᠤᠳᠬᠠᠨ᠎ᠠ᠃ ᠡᠭᠦᠨ ᠤ ᠬᠠᠮᠲᠤ᠂ ᠰᠡᠳᠬᠢᠯ ᠳᠤᠯᠠᠭᠠᠴᠠᠭᠤᠯᠬᠤ ᠦᠢᠯᠡᠴᠢᠯᠡᠭᠡᠨ ᠤ | ᠰᠠᠯᠪᠤᠷᠢ ᠪᠠᠭ᠎ᠠ ᠠᠩᠭᠢ ᠶᠢᠨ ᠠᠵᠢᠯᠲᠠᠨ ᠤ ᠪᠣᠯᠪᠠᠰᠤᠷᠠᠭᠤᠯᠤᠯ ᠢ ᠥᠷᠨᠢᠭᠦᠯᠵᠦ᠂ ︽ᠤᠮᠠᠷᠠᠲᠤ ᠬᠢᠯᠢ ᠶᠢᠨ ᠤᠯᠠᠭᠠᠨ | ᠲᠣᠣᠷ ᠤᠨ ᠵᠠᠰᠠᠯᠲᠠ ᠶᠢᠨ ᠦᠢᠯᠡᠴᠢᠯᠡᠭᠡᠨ ᠤ ᠠᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠤᠨ | ᠱᠠᠭᠠᠷᠳᠠᠯᠭ᠎ᠠ ᠲᠠᠢ ᠤᠶᠠᠯᠳᠤᠭᠤᠯᠤᠨ᠂ ᠪᠣᠯᠪᠠᠰᠤᠷᠠᠭᠤᠯᠤᠯ ᠤᠨ ᠰᠠᠭᠤᠷᠢ ᠮᠡᠳᠡᠭᠡ ᠵᠠᠩᠭᠢ ᠶᠢ ᠲᠥᠪᠯᠡᠷᠡᠭᠦᠯᠦᠨ | ᠴᠤᠭᠯᠠᠭᠤᠯᠵᠤ᠂ ᠬᠤᠪᠢᠶᠠᠷᠢ ᠠᠩᠭᠢ ᠶᠢᠨ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ | ᠡᠩᠨᠡᠭᠡ ᠶᠢᠨ ᠬᠡᠪ ᠴᠢᠨᠠᠷ ᠥᠨᠳᠥᠷ᠂ ᠬᠦᠴᠦᠨ ᠲᠡᠭᠦᠯᠳᠡᠷ ᠪᠠᠶᠢᠬᠤ ᠶᠢ ᠦᠨᠡᠨᠬᠦ ᠪᠠᠲᠤᠯᠠᠵᠤ᠂ ᠠᠷᠠᠳ ᠲᠦᠮᠡᠨ ᠳᠤ | ᠦᠢᠯᠡᠴᠢᠯᠡᠬᠦ ᠪᠠᠲᠤ ᠪᠠᠬᠢ ᠬᠠᠯᠬᠠᠪᠴᠢ ᠶᠢ ᠪᠠᠬᠢᠵᠢᠭᠦᠯᠦᠨ᠎ᠡ᠃ ︽ᠬᠤᠶᠠᠷ ᠵᠦᠢᠯ ᠤᠨ ᠠᠷᠭ᠎ᠠ ᠮᠠᠶ᠋ᠢᠭ︾ | ᠪᠠᠶᠠᠨᠬᠤᠰᠢᠭᠤ ᠪᠠᠯᠭᠠᠰᠤ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ︽ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ | ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡ ᠥᠷᠨᠢᠭᠦᠯᠬᠦ ᠲᠤᠬᠠᠢ ᠮᠡᠳᠡᠭᠳᠡᠯ︾ ᠢ ᠤᠯᠠᠮᠵᠢᠯᠠᠵᠤ᠂ ᠰᠡᠳᠬᠢᠯ ᠢ | ᠳᠤᠯᠠᠭᠠᠴᠠᠭᠤᠯᠬᠤ ᠰᠠᠯᠪᠤᠷᠢ ᠪᠠᠭ᠎ᠠ ᠠᠩᠭᠢ ᠶᠢᠨ ᠪᠣᠳᠠᠲᠠᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ | ᠦᠢᠯᠡᠴᠢᠯᠡᠭᠡᠨ ᠤ ᠬᠡᠪᠴᠢᠶ᠎ᠡ᠂ ᠦᠢᠯᠡᠴᠢᠯᠡᠭᠡᠨ ᠤ ᠭᠤᠣᠯᠳᠠᠯᠭ᠎ᠠ ᠵᠡᠷᠭᠡ ᠶᠢ ᠲᠣᠳᠣᠷᠬᠠᠶᠢᠯᠠᠵᠤ᠂ ᠢᠯᠠᠩᠭᠤᠶ᠎ᠠ | ᠣᠨᠴᠠᠭᠠᠶ ᠬᠠᠮᠲᠤᠯᠢᠭ ᠤᠨ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠳᠤ ᠴᠢᠭᠯᠡᠭᠦᠯᠦᠨ ᠲᠣᠳᠣᠷᠬᠠᠢ | ᠴᠢᠬᠤᠯᠠᠴᠢᠯᠠᠭᠰᠠᠨ ᠪᠠᠶᠢᠨ᠎ᠠ᠃ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠸᠢᠴᠠᠲ ᠤᠨ ᠨᠡᠶᠢᠲᠡ ᠶᠢᠨ ᠳ᠋ᠤᠭᠠᠷ᠂ ︽ᠲᠣᠰᠬᠤᠨ | ᠪᠣᠯᠭᠠᠨ ᠳᠤ ᠳᠠᠭᠤᠷᠢᠰᠬᠤ︾ ᠪᠦᠷᠢᠶ᠎ᠡ᠂ ᠵᠢᠵᠢᠭ ᠸᠢᠳᠢᠤ᠋ ᠵᠡᠷᠭᠡ ᠲᠠᠪᠴᠠᠩ ᠢ ᠭᠦᠢᠴᠡᠳ ᠠᠰᠢᠭᠯᠠᠨ ᠬᠠᠮᠤᠭ ᠤᠨ | ᠰᠢᠨ᠎ᠡ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠶᠢ | ᠤᠬᠠᠭᠤᠯᠵᠤ᠂ ᠣᠳᠣᠬᠠᠨ ᠳᠤ ᠨᠡᠶᠢᠲᠡ 30 ᠭᠠᠷᠤᠢ ᠤᠳᠠᠭ᠎ᠠ ᠤᠬᠠᠭᠤᠯᠪᠠ᠃ ᠨᠢᠭᠡ ᠳᠤ ᠨᠢᠭᠡ ᠶᠢᠨ | ᠦᠢᠯᠡᠴᠢᠯᠡᠭᠴᠢ ᠶᠢ ᠲᠣᠳᠣᠷᠬᠠᠶᠢᠯᠠᠵᠤ᠂ 24 ᠴᠠᠭ ᠤᠨ ᠳᠣᠲᠣᠷ᠎ᠠ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ | ᠰᠢᠢᠳᠪᠦᠷᠢᠯᠡᠵᠦ᠂ ᠤᠷᠮ᠎ᠠ ᠰᠡᠳᠬᠢᠯᠭᠡ ᠶᠢ ᠨᠢ ᠲᠠᠶᠢᠳᠬᠤᠷᠠᠭᠤᠯᠵᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ | ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ | ᠪᠣᠯᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ︽ᠭᠤᠷᠪᠠᠨ ᠲᠦᠰᠢᠭᠯᠡᠯ︾ ᠢ ᠠᠮᠢᠳᠤᠯᠢᠭ ᠢᠶᠠᠷ ᠭᠦᠢᠴᠡᠳᠬᠡᠨ᠎ᠡ | ᠪᠠᠶᠠᠨᠬᠤᠰᠢᠭᠤ ᠪᠠᠯᠭᠠᠰᠤ ︽ᠨᠠᠮ ᠤᠨ ᠪᠠᠶᠢᠭᠤᠯᠤᠯᠲᠠ — ᠲᠤᠤᠷᠴᠢᠯᠠᠯ — ᠰᠠᠶᠢᠨ ᠳᠤᠷ᠎ᠠ ᠶᠢᠨ ᠦᠢᠯᠡᠴᠢᠯᠡᠭᠡ | ︾ ᠪᠠᠷ ᠭᠤᠷᠪᠠᠨ ᠲᠦᠰᠢᠭ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ | ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠲᠤᠤᠷᠴᠢᠯᠠᠯ ᠤᠨ ᠵᠠᠰᠠᠯᠲᠠ ᠶᠢᠨ ᠬᠦᠴᠦᠨ ᠳᠤ ᠲᠦᠰᠢᠭᠯᠡᠨ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ N ᠵᠦᠢᠯ ᠤᠨ ᠠᠵᠢᠯᠯᠠᠭ᠎ᠠ ᠶᠢ ᠠᠮᠢᠳᠤᠯᠢᠭ ᠢᠶᠠᠷ ᠥᠷᠨᠢᠭᠦᠯᠵᠦ᠂ ᠨᠠᠮ ᠤᠨ ᠭᠡᠰᠢᠭᠦᠨ | ᠲᠦᠷᠦᠭᠦᠯᠡᠨ ᠤᠯᠠᠨ ᠲᠦᠮᠡᠨ ᠢ ᠲᠠᠶᠢᠴᠢᠯᠠᠨ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ᠂ | ︽ᠭᠠᠷ ᠭᠠᠷ ᠢᠶᠠᠨ ᠬᠤᠯᠪᠣᠯᠴᠠᠵᠤ︾ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ︔ ᠡᠭᠦᠨ ᠤ ᠬᠠᠮᠲᠤ᠂ | ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠥᠪᠡᠷᠮᠢᠴᠡ ᠣᠨᠴᠠᠯᠢᠭ ᠲᠠᠢ | ᠨᠡᠷᠡᠲᠦ ᠲᠡᠮᠳᠡᠭ ᠤᠨ ᠠᠵᠢᠯᠯᠠᠭ᠎ᠠ᠂ ︽ᠲᠠᠷᠢᠶᠠᠯᠠᠩ ᠢ ᠳᠡᠮᠵᠢᠵᠦ ᠪᠠᠷᠠᠭ᠎ᠠ ᠶᠢ ᠳᠠᠶᠢᠴᠢᠯᠠᠬᠤ︾ ᠦᠢᠯᠡᠴᠢᠯᠡᠭᠡ ᠶᠢ | ᠥᠷᠨᠢᠭᠦᠯᠵᠦ᠂ ᠭᠡᠷ ᠲᠡᠭᠡᠨ ᠭᠠᠭᠴᠠᠭᠠᠷ ᠰᠠᠭᠤᠭ᠎ᠠ ᠨᠠᠰᠤᠲᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ | ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠬᠦᠨᠳᠦ ᠵᠡᠮᠳᠡᠭ ᠬᠥᠮᠥᠨ᠂ ᠬᠦᠨᠳᠦ ᠡᠪᠡᠳᠴᠢᠲᠡᠨ ᠵᠡᠷᠭᠡ ᠲᠠᠪᠤᠨ | ᠲᠥᠷᠥᠯ ᠤᠨ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠢ ᠲᠤᠰᠠᠯᠠᠵᠤ ᠪᠠᠷᠠᠭ᠎ᠠ ᠠᠪᠴᠤ ᠶᠠᠪᠤᠬᠤ | ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠠᠴᠠ | ᠬᠠᠪᠰᠤᠷᠤᠨ ᠤᠬᠠᠭᠤᠯᠬᠤ᠂ ᠪᠣᠷᠣᠯᠠᠭᠤᠯᠬᠤ᠂ ᠪᠠᠷᠠᠭ᠎ᠠ ᠬᠦᠷᠭᠡᠵᠦ᠂ ︽ᠰᠦᠯᠵᠢᠶᠡᠨ ᠳᠡᠭᠡᠷᠡᠬᠢ ᠵᠠᠬᠢᠶᠠᠯᠠᠭ᠎ᠠ ᠶᠢᠨ | ᠬᠠᠭᠤᠳᠠᠰᠤ︾ ᠪᠠ ︽ᠰᠦᠯᠵᠢᠶᠡᠨ ᠠᠴᠠ ᠭᠠᠳᠠᠨ᠎ᠠ ᠪᠠᠷᠠᠭ᠎ᠠ ᠠᠪᠴᠤ ᠶᠠᠪᠤᠬᠤ︾ ᠬᠤᠶᠠᠷ ᠭᠤᠭᠴᠤᠭ᠎ᠠ ᠪᠠᠷ | ᠳᠠᠮᠵᠢᠭᠤᠯᠤᠨ᠂ ᠣᠯᠠᠨ ᠲᠦᠮᠡᠨ ᠪᠦᠲᠦᠭᠡᠭᠳᠡᠬᠦᠨ ᠢᠶᠠᠨ ᠰᠠᠶᠢᠨ ᠳᠤᠷ᠎ᠠ ᠶᠢᠨ ᠠᠵᠢᠯᠯᠠᠭᠴᠢ ᠶᠢᠨ ᠭᠠᠷ ᠲᠤ | ᠲᠤᠰᠢᠶᠠᠵᠤ᠂ ᠰᠠᠶᠢᠨ ᠳᠤᠷ᠎ᠠ ᠶᠢᠨ ᠠᠵᠢᠯᠯᠠᠭᠴᠢ ᠶᠢᠨ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠴᠠᠭ ᠢ | ᠠᠰᠢᠭᠯᠠᠨ ᠦᠨ᠎ᠡ ᠲᠥᠯᠥᠪᠦᠷᠢ ᠦᠭᠡᠢ ᠪᠠᠷ ᠪᠠᠷᠠᠭ᠎ᠠ ᠠᠪᠴᠤ ᠶᠠᠪᠤᠵᠤ᠂ ᠪᠥᠬᠦ ᠶᠠᠪᠤᠴᠠ ᠳᠤ ᠥᠪᠡᠷ ᠤᠨ ᠥᠷᠲᠡᠭ | ᠦᠭᠡᠢ ᠪᠠᠷ ᠲᠡᠭᠡᠭᠡᠪᠦᠷᠢᠯᠡᠨ᠎ᠡ᠃ 2022 ᠣᠨ ᠤ 12 ᠰᠠᠷ᠎ᠠ ᠶᠢᠨ 24 ᠤ ᠡᠳᠦᠷ ᠤᠨ ᠰᠡᠳᠬᠢᠯ ᠢ | ᠳᠤᠯᠠᠭᠠᠴᠠᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠠᠵᠢᠯᠯᠠᠭ᠎ᠠ | ᠡᠬᠢᠯᠡᠭᠰᠡᠨ ᠠᠴᠠ ᠣᠲᠣ ᠪᠣᠯᠲᠠᠯ᠎ᠠ᠂ ᠨᠡᠶᠢᠲᠡ 30 ᠭᠠᠷᠤᠢ ᠬᠠᠭᠤᠳᠠᠰᠤ ᠪᠠᠷᠠᠭ᠎ᠠ ᠠᠪᠴᠤ᠂ ᠪᠣᠷᠣᠯᠠᠭᠤᠯᠤᠭᠰᠠᠨ | ᠵᠣᠭᠤᠰ ᠤᠨ ᠲᠤᠭ᠎ᠠ ᠨᠢ 5000 ᠭᠠᠷᠤᠢ ᠲᠥᠭᠦᠷᠢᠭ ᠬᠦᠷᠴᠦ᠂ ᠣᠯᠠᠨ ᠲᠦᠮᠡᠨ ᠤ ᠵᠠᠷᠤᠳᠠᠯ ᠢ ᠨᠡᠶᠢᠲᠡ 1000 | ᠭᠠᠷᠤᠢ ᠲᠥᠭᠦᠷᠢᠭ ᠠᠷᠪᠢᠯᠠᠵᠤ᠂ ︽ᠬᠥᠮᠥᠨ ᠤ ᠰᠡᠳᠬᠢᠯ ᠢ ᠳᠤᠯᠠᠭᠠᠴᠠᠭᠤᠯᠬᠤ︾ ︽ᠥᠪᠡᠷ ᠤᠨ ᠥᠷᠲᠡᠭ ᠦᠭᠡᠢ︾ | ︽ᠭᠠᠷ ᠤᠨ ᠠᠶ᠎ᠠ ᠪᠠᠷ ᠬᠠᠪᠰᠤᠷᠬᠤ︾ ︽ᠭᠡᠷ ᠤᠨ ᠡᠭᠦᠳᠡ︾ ᠪᠠᠷ ᠣᠨᠴᠠᠯᠢᠭ ᠢᠶᠠᠨ ᠪᠣᠯᠭᠠᠵᠤ᠂ ᠣᠯᠠᠨ | ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | ︽1123︾ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠲᠣᠭᠲᠠᠴᠠ ᠨᠢ ᠬᠠᠮᠲᠤ ᠪᠠᠷ ᠪᠠᠶᠢᠭᠤᠯᠵᠤ | ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠨ᠂ ︽ᠲᠦᠷᠭᠡᠨ᠂ ᠨᠠᠷᠢᠯᠢᠭ᠂ ᠪᠣᠳᠠᠲᠠᠢ᠂ ᠠᠮᠢᠳᠤᠯᠢᠭ | ᠪᠠᠶᠢᠬᠤ︾ ᠶᠢᠨ ᠲᠣᠭᠤᠷᠢᠨ ᠳᠤ᠂ ᠤᠯᠠᠨ ᠲᠦᠮᠡᠨ ᠤ ︽ᠪᠠᠴᠢᠮᠳᠠᠬᠤ ᠳᠤ ᠬᠦᠴᠢᠷᠳᠡᠬᠦ ᠳᠤ ᠵᠣᠪᠠᠭ᠋ᠤ︾ ᠲᠠᠢ | ᠨᠢᠭᠲᠠ ᠤᠶᠠᠯᠳᠤᠭᠤᠯᠤᠨ᠂ ᠴᠢᠩ ᠦᠨᠡᠨᠴᠢ ᠬᠠᠯᠠᠭᠤᠨ ᠰᠡᠳᠬᠢᠯ ᠢᠶᠠᠷ ᠤᠯᠠᠨ ᠲᠦᠮᠡᠨ ᠳᠤ ᠪᠣᠳᠠᠲᠠᠢ ᠠᠵᠢᠯ ᠬᠢᠵᠦ | ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠪᠡ᠃ | |