ᠬᠠᠮᠤᠭ ᠤᠨ ᠰᠢᠨ᠎ᠡ ᠮᠡᠳᠡᠭᠳᠡᠯ︕ ᠴᠢᠨᠦ ᠭᠡᠷ ᠪᠠᠶᠢᠰᠢᠩ᠂ ᠮᠠᠰᠢᠨ ᠲᠡᠷᠭᠡ ᠲᠠᠢ ᠬᠤᠯᠪᠣᠭᠳᠠᠨ᠎ᠠ
ᠨᠡᠶᠢᠲᠡᠯᠡᠭᠰᠡᠨ ᠴᠠᠭ᠄
2023/1/30
   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠰᠢᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠬᠡᠷᠡᠭᠵᠢᠭᠦᠯᠬᠦ ᠨᠠᠷᠢᠨ ᠲᠦᠷᠢᠮ︾ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ 2022 ᠣᠨ ᠤ 12 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 35 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠭᠠᠳ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠬᠡᠷᠡᠭᠵᠢᠭᠦᠯᠬᠦ ᠨᠠᠷᠢᠨ ᠲᠦᠷᠢᠮ︾ ᠳᠤ ᠳᠤᠤᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠣᠭᠲᠠᠪᠠ᠄ ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠰᠢᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠢ ᠬᠠᠰᠤᠪᠠ᠃ ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠬᠡᠷᠡᠭᠵᠢᠭᠦᠯᠬᠦ ᠨᠠᠷᠢᠨ ᠲᠦᠷᠢᠮ︾ ᠤᠨ ᠭᠤᠷᠪᠠᠳᠤᠭᠠᠷ ᠵᠦᠢᠯ ᠤᠨ ᠭᠤᠷᠪᠠᠳᠤᠭᠠᠷ ᠪᠠᠳᠠᠭ ᠢ ︽2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ         2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠲᠡᠭᠡᠷᠡᠬᠢ ᠪᠠᠳᠠᠭ ᠲᠤ ᠲᠣᠭᠲᠠᠭᠠᠭᠰᠠᠨ ᠬᠡᠷ ᠬᠥᠷᠥᠩᠭᠡ ᠶᠢᠨ ᠤᠤᠯ ᠥᠷᠲᠡᠭ ᠢ ᠨᠢᠭᠡ ᠯᠡ ᠤᠳᠠᠭ᠎ᠠ ᠳᠤ ᠬᠠᠰᠤᠬᠤ ᠬᠠᠷᠢᠴᠠᠯ ᠢ 10% ᠪᠠᠶᠢᠭᠰᠠᠨ ᠠᠴᠠ  ᠨᠢ 30 % ᠪᠣᠯᠭᠠᠨ ᠲᠦᠷ ᠳᠣᠭᠢᠷᠠᠭᠤᠯᠤᠨ᠎ᠠ︾ ᠭᠡᠵᠦ ᠵᠠᠰᠠᠪᠤᠷᠢ ᠤᠷᠤᠭᠤᠯᠵᠤ᠂ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠰᠢᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠬᠡᠷᠡᠭᠵᠢᠭᠦᠯᠬᠦ ᠨᠠᠷᠢᠨ ᠲᠦᠷᠢᠮ︾ ᠳᠤ ᠲᠣᠰ ᠲᠣᠭᠲᠠᠭᠠᠯ ᠢ ᠦᠨᠳᠦᠰᠦᠯᠡᠨ ᠵᠣᠬᠢᠬᠤ ᠵᠠᠰᠠᠪᠤᠷᠢ ᠣᠷᠣᠭᠤᠯᠵᠤ᠂ ᠳᠠᠭᠢᠵᠤ ᠨᠡᠶᠢᠲᠡᠯᠡᠨ᠎ᠡ᠃      
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号